ᠵᠢᠭᠠᠨ ᠰᠤᠷᠭᠠᠯᠲᠠ ᠶᠢ ᠦᠵᠡᠵᠦ ᠬᠥᠲᠥᠯᠦᠨ ᠵᠢᠯᠣᠭᠤᠳᠴᠤ ᠬᠥᠭᠵᠢᠯᠲᠡ ᠶᠢ ᠠᠬᠢᠭᠤᠯᠵᠤ ᠭᠦᠨ ᠬᠠᠭᠠᠯᠪᠤᠷᠢᠯᠠᠬᠤ ᠵᠢᠭᠠᠨ ᠰᠤᠷᠭᠠᠯᠲᠠ ᠶᠢᠨ ᠰᠤᠳᠤᠯᠭᠠᠨ ᠤ ᠱᠢᠨ ᠴᠧᠩ ᠬᠠᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ ᠲᠡᠭᠦᠰᠬᠦ ᠣᠨ ᠤ ᠵᠢᠭᠠᠨ ᠰᠤᠷᠭᠠᠯᠲᠠ ᠶᠢ ᠠᠵᠢᠭᠯᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/3/20
     ᠱᠢᠨ᠎ᠡ ᠨᠣᠭᠤᠭᠠᠨ ᠠᠭᠤᠰᠤᠯ ᠴᠠᠯ ᠳᠤᠯᠠᠭᠠᠷ ᠠᠵᠤ᠂ ᠬᠠᠪᠤᠷ ᠬᠠᠮᠢᠭ᠎ᠠ ᠴᠤ᠋ ᠭᠡᠰᠡᠨ ᠥᠩᠭᠡ ᠦᠵᠡᠮᠵᠢ ᠦᠭᠡᠢ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ ᠠᠴᠠ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠨᠢᠭᠡᠳᠦᠭᠡᠷ ᠭᠠᠷᠠᠭ ᠠᠴᠠ ᠡᠬᠢᠯᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠡᠯ᠎ᠡ ᠰᠢᠨᠵᠢᠯᠡᠭᠡᠨ ᠤ ᠵᠢᠭᠠᠨ ᠰᠤᠳᠤᠯᠤᠭᠴᠢ ᠶᠢ ᠵᠣᠬᠢᠶᠠᠨ ᠪᠠᠶᠢᠭᠤᠯᠤᠨ ᠬᠠᠶᠢᠨᠠᠨ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ᠂ ᠬᠠᠶᠢᠨᠠᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ᠂ ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ᠂ ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠲᠡᠭᠦᠰᠬᠦ ᠣᠨ ᠤ ᠵᠢᠭᠠᠨ ᠰᠤᠷᠭᠠᠯᠲᠠ ᠶᠢ ᠦᠵᠡᠵᠦ ᠵᠢᠯᠣᠭᠤᠳᠬᠤ ᠠᠵᠢᠯ ᠢ ᠥᠷᠨᠢᠭᠦᠯᠵᠦ᠂ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠵᠢᠴᠢ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃      ᠡᠯ᠎ᠡ ᠬᠢᠴᠢᠶᠡᠯ ᠲᠥᠷᠥᠯ ᠤᠨ ᠵᠢᠭᠠᠨ ᠰᠤᠳᠤᠯᠤᠭᠴᠢᠳ ᠭᠤᠤᠯᠳᠠᠭᠤ ᠰᠣᠨᠣᠰᠬᠤ᠂ ᠦᠵᠡᠬᠦ᠂ ᠪᠠᠶᠢᠴᠠᠭᠠᠬᠤ᠂ ᠰᠤᠷᠪᠤᠯᠵᠢᠯᠠᠬᠤ᠂ ᠶᠠᠷᠢᠯᠴᠠᠬᠤ ᠵᠡᠷᠭᠡ ᠬᠡᠯᠪᠡᠷᠢ ᠪᠠᠷ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠡᠩ ᠤᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ᠂ ᠳᠠᠰᠬᠠᠯ ᠤᠨ ᠵᠢᠷᠤᠭ ᠲᠥᠯᠥᠪᠯᠡᠭᠡ᠂ ᠡᠯ᠎ᠡ ᠬᠢᠴᠢᠶᠡᠯ ᠲᠥᠷᠥᠯ ᠤᠨ ᠬᠡᠪ ᠤᠨ ᠬᠢᠴᠢᠶᠡᠯ ᠵᠡᠷᠭᠡ ᠲᠠᠯ᠎ᠠ ᠪᠠᠷ ᠲᠣᠰ ᠲᠣᠰ ᠪᠥᠬᠦ ᠲᠠᠯ᠎ᠠ ᠶᠢᠨ᠂ ᠭᠦᠨᠵᠡᠭᠡᠶ᠂ ᠨᠠᠷᠢᠨ ᠨᠢᠮᠪᠠᠶ ᠪᠠᠶᠢᠴᠠᠭᠠᠨ ᠰᠤᠳᠤᠯᠤᠯᠲᠠ ᠪᠠ ᠵᠢᠯᠣᠭᠤᠳᠣᠯᠭ᠎ᠠ ᠬᠢᠪᠠ᠃ ᠬᠢᠴᠢᠶᠡᠯ ᠤᠨ ᠲᠠᠩᠬᠢᠮ ᠪᠣᠯ ᠵᠢᠭᠠᠨ ᠰᠤᠷᠭᠠᠯᠲᠠ ᠶᠢᠨ ᠭᠤᠣᠯ ᠵᠢᠭᠰᠠᠭᠠᠯ ᠤᠨ ᠭᠠᠵᠠᠷ ᠮᠥᠨ᠂ ᠵᠢᠭᠠᠨ ᠰᠤᠳᠤᠯᠤᠭᠴᠢᠳ ᠬᠢᠴᠢᠶᠡᠯ ᠤᠨ ᠲᠠᠩᠬᠢᠮ ᠳᠤ ᠣᠷᠣᠵᠤ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠪᠣᠳᠠᠲᠤ ᠪᠠᠶᠢᠳᠠᠯ᠂ ᠵᠢᠭᠠᠨ ᠰᠤᠷᠭᠠᠯᠲᠠ ᠶᠢᠨ ᠬᠡᠪ ᠤᠨ ᠬᠡᠷᠡᠭᠵᠢᠭᠦᠯᠦᠯᠲᠡ ᠵᠢᠴᠢ ᠰᠢᠨ᠎ᠡ ᠬᠢᠴᠢᠶᠡᠯ ᠤᠨ ᠪᠠᠷᠢᠮᠵᠢᠶ᠎ᠠ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠤᠯᠠᠨ ᠲᠠᠯ᠎ᠠ ᠠᠴᠠ ᠣᠶᠢᠯᠠᠭᠠᠵᠤ᠂ ᠡᠯ᠎ᠡ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠨᠠᠷᠢᠨ ᠵᠦᠢᠯᠡᠰ ᠢ ᠨᠠᠷᠢᠨ ᠬᠢᠨᠠᠮᠠᠭᠠᠢ ᠠᠵᠢᠭᠯᠠᠨ ᠲᠡᠮᠳᠡᠭᠯᠡᠵᠦ᠂ ᠲᠡᠭᠦᠰᠬᠦ ᠣᠨ ᠤ ᠵᠠᠯᠭᠠᠮᠵᠢ ᠵᠢᠭᠠᠨ ᠰᠤᠷᠭᠠᠯᠲᠠ ᠪᠠ ᠳᠠᠪᠲᠠᠯᠲᠠ ᠳᠤ ᠣᠨᠣᠪᠴᠢᠲᠠᠢ ᠰᠠᠨᠠᠭᠤᠯᠭ᠎ᠠ ᠳᠤᠷᠠᠳᠪᠠ᠃      ᠡᠮᠦᠨᠡᠬᠢ ᠬᠤᠭᠤᠴᠠᠭᠠᠨ ᠤ ᠠᠵᠢᠭᠯᠠᠭᠰᠠᠨ ᠰᠠᠭᠤᠷᠢᠨ ᠳᠡᠭᠡᠷ᠎ᠡ᠂ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ ᠤᠨ ᠶᠡᠷᠦᠩᠬᠡᠶᠢᠯᠡᠭᠰᠡᠨ ᠰᠢᠨᠵᠢᠯᠡᠭᠡᠨ ᠤ ᠵᠢᠭᠠᠨ ᠰᠤᠳᠤᠯᠤᠭᠴᠢ ᠶᠢ ᠦᠵᠡᠵᠦ ᠵᠢᠯᠣᠭᠤᠳᠬᠤ ᠬᠠᠷᠢᠭᠤ ᠲᠤᠰᠬᠠᠵᠤ᠂ ᠲᠣᠰ ᠲᠣᠰ ᠬᠠᠶᠢᠨᠠᠨ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ ᠪᠠ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠲᠡᠭᠦᠰᠬᠦ ᠣᠨ ᠤ ᠬᠢᠨᠠᠨ ᠵᠢᠯᠤᠭᠤᠳᠬᠤ ᠬᠤᠷᠠᠯ ᠢ ᠬᠤᠷᠠᠯᠳᠤᠭᠤᠯᠪᠠ᠃ ᠦᠵᠡᠵᠦ ᠵᠢᠯᠣᠭᠤᠳᠬᠤ ᠬᠠᠷᠢᠭᠤ ᠲᠤᠰᠬᠠᠬᠤ ᠬᠤᠷᠠᠯ ᠳᠡᠭᠡᠷ᠎ᠡ᠂ ᠵᠢᠭᠠᠨ ᠰᠤᠳᠤᠯᠤᠭᠴᠢᠳ ᠰᠤᠷᠭᠠᠭᠤᠯᠢ ᠶᠢᠨ ᠡᠯ᠎ᠡ ᠰᠠᠯᠠᠭ᠎ᠠ ᠶᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠬᠢᠴᠢᠶᠡᠯ ᠪᠡᠯᠡᠳᠬᠡᠬᠦ ᠳᠤᠭᠤᠶᠢᠯᠠᠩ ᠤᠨ ᠳᠠᠷᠤᠭ᠎ᠠ ᠲᠠᠢ ᠨᠠᠷᠢᠨ ᠨᠢᠮᠪᠠᠶ ᠰᠣᠯᠢᠯᠴᠠᠵᠤ᠂ ᠲᠤᠰᠬᠠᠶ ᠮᠡᠷᠭᠡᠵᠢᠯ ᠤᠨ ᠬᠠᠷᠠᠭᠠᠰᠤ ᠠᠴᠠ ᠬᠡᠪ ᠤᠨ ᠬᠢᠴᠢᠶᠡᠯ ᠤᠨ ᠲᠣᠭᠤᠷᠢᠨ ᠳᠤ ︽ᠰᠤᠳᠠᠯ ᠤᠨ ᠣᠨᠣᠰᠢᠯᠠᠯᠲᠠ︾ ᠬᠢᠵᠦ᠂ ᠪᠠᠭᠰᠢ ᠶᠢᠨ ᠬᠢᠴᠢᠶᠡᠯ ᠤᠨ ᠲᠠᠩᠬᠢᠮ ᠢ ᠦᠷᠭᠦᠯᠵᠢᠯᠡᠨ ᠭᠦᠨᠵᠡᠭᠡᠶ ᠰᠤᠷᠤᠯᠴᠠᠬᠤ᠂ ᠵᠢᠭᠠᠨ ᠰᠤᠷᠭᠠᠯᠲᠠ ᠶᠢ ᠨᠠᠷᠢᠨ ᠰᠤᠳᠤᠯᠬᠤ ᠶᠢ ᠵᠣᠷᠢᠭᠵᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠢ ᠰᠢᠨᠡᠳᠬᠡᠵᠦ᠂ ᠢᠳᠡᠪᠬᠢᠲᠡᠶ ᠰᠡᠳᠬᠢᠴᠡ ᠪᠠᠷ ᠡᠯ᠎ᠡ ᠵᠦᠢᠯ ᠤᠨ ᠥᠷᠢᠰᠥᠯᠳᠦᠭᠡᠨ ᠢ ᠤᠭᠲᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠴᠢᠷᠮᠠᠶᠢᠯᠭ᠎ᠠ ᠭᠠᠷᠭᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号