ᠶᠠᠩ ᠽᠧ ᠢᠦᠢ
ᠨᠡᠶᠢᠲᠡᠯᠡᠭᠰᠡᠨ ᠴᠠᠭ᠄
2024/4/10
      ᠶᠠᠩ ᠽᠧ ᠢᠦᠢ᠂ ᠡᠷᠡᠭᠲᠡᠢ᠂ ᠬᠢᠲᠠᠳ ᠦᠨᠳᠦᠰᠦᠲᠡᠨ᠂ 1985 ᠣᠨ ᠤ 2 ᠰᠠᠷ᠎ᠠ ᠳᠤ ᠲᠦᠷᠦᠵᠠᠢ᠂ ᠱᠠᠨ ᠰᠢ ᠶᠢᠨ ᠯᠢᠦᠢ ᠯᠢᠶᠠᠩ ᠤᠨ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2010 ᠣᠨ ᠤ 9 ᠰᠠᠷ᠎ᠠ ᠳᠤ ᠠᠵᠢᠯ ᠳᠤ ᠣᠷᠣᠵᠤ᠂ 2012 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃      ᠠᠵᠢᠯ ᠤᠨ ᠡᠭᠦᠷᠭᠡ ᠬᠠᠷᠢᠭᠤᠴᠠᠯᠭ᠎ᠠ       ᠲᠣᠭᠤᠷᠢᠭ ᠤᠨ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤᠨ ᠤ ᠶᠠᠪᠤᠳᠠᠯ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠪᠠᠶᠢᠭᠠᠯᠢ ᠶᠢᠨ ᠡᠬᠢ ᠪᠠᠶᠠᠯᠢᠭ ︵ᠣᠶ ᠰᠢᠭᠤᠶ ᠨᠤᠲᠤᠭ ᠪᠡᠯᠴᠢᠭᠡᠷ ᠤᠨ ᠬᠡᠰᠡᠭ︶᠂ ᠷᠠᠳᠢᠣ᠋ ᠲᠧᠯᠸᠢᠰ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ︔ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ᠎ᠠ᠃ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃ ᠦᠬᠠᠶ ᠬᠤᠲᠠ ᠶᠢᠨ ᠬᠠᠶ ᠱᠧᠩ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠤᠲᠠ ᠪᠠᠯᠭᠠᠰᠤᠨ ᠤ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠪᠣᠳᠠᠲᠠᠶ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ ᠳᠡᠳ᠋ ᠳᠠᠷᠤᠭ᠎ᠠ ᠶᠢ ᠬᠠᠮᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠷᠢᠭᠤᠴᠠᠨ᠎ᠠ᠃ ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠤᠳᠬ᠎ᠠ ᠵᠣᠬᠢᠶᠠᠯ ᠤᠷᠠᠯᠢᠭ ᠤᠨ ᠡᠲᠡᠭᠡᠳ ᠤᠨ ᠬᠤᠯᠪᠣᠭᠠᠲᠤ ᠬᠤᠷᠠᠯ᠂ ᠦᠬᠠᠶ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ ︵ᠦᠬᠠᠶ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ︶᠂ ᠬᠠᠶᠢᠨᠠᠨ ᠤ ᠷᠠᠳᠢᠣ᠋ ᠲᠧᠯᠸᠢᠰ ᠤᠨ ᠠᠵᠢᠯ ᠤᠨ ᠥᠷᠲᠡᠭᠡ᠂ ᠷᠠᠳᠢᠣ᠋ ᠲᠧᠯᠸᠢᠰ ᠤᠨ ᠰᠦᠯᠵᠢᠶᠡᠨ ᠤ ᠬᠠᠶᠢᠨᠠᠨ ᠤ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号