ᠬᠦᠬᠤᠰᠤ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠭᠡᠰᠢᠭᠦᠨ ᠡᠯᠰᠡᠬᠦ ᠠᠵᠢᠯ ᠢ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ᠰᠠᠶᠢᠲᠤᠷ ᠬᠢᠪᠡ
ᠨᠡᠶᠢᠲᠡᠯᠡᠭᠰᠡᠨ ᠴᠠᠭ᠄
2024/4/12
      ᠤᠢᠢᠷ᠎ᠠ ᠶᠢᠨ ᠵᠢᠯ ᠠᠴᠠ᠂ ᠬᠦᠬᠤᠰᠤ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠭᠡᠰᠢᠭᠦᠨ ᠡᠯᠰᠡᠬᠦ ᠠᠵᠢᠯ ᠢ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠭᠡᠰᠢᠭᠦᠨ ᠤ ᠠᠵᠢᠯ ᠤᠨ ᠪᠦᠬᠦ ᠶᠠᠪᠤᠴᠠ ᠳᠤ ᠰᠠᠭᠤᠷᠢᠯᠠᠵᠤ᠂ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠪᠦᠲᠦᠴᠡ ᠶᠢ ᠰᠢᠯᠢᠳᠡᠭᠵᠢᠭᠦᠯᠬᠦ᠂ ᠪᠠᠷᠢᠮᠵᠢᠶ᠎ᠠ ᠶᠢ ᠴᠢᠩᠭ᠎ᠠ ᠰᠠᠬᠢᠬᠤ᠂ ᠬᠥᠮᠦᠵᠢᠭᠦᠯᠦᠨ ᠵᠢᠯᠣᠭᠤᠳᠬᠤ ᠲᠠᠯ᠎ᠠ ᠪᠠᠷ ᠬᠦᠴᠦ ᠲᠠᠯᠪᠢᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠡᠯᠰᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃      ᠡᠬᠢ ᠡᠭᠦᠰᠦᠯ ᠠᠴᠠ ᠨᠢ ᠨᠥᠭᠡᠴᠡᠯᠡᠵᠦ᠂ ᠴᠢᠩᠭ᠎ᠠ ᠨᠢᠮᠪᠠᠶ ᠪᠦᠲᠦᠴᠡ ᠶᠢᠨ ᠱᠠᠭᠠᠷᠳᠠᠯᠭ᠎ᠠ ᠪᠠᠷ ᠬᠦᠴᠦᠨ ᠢᠶᠠᠨ ᠨᠥᠭᠡᠴᠡᠯᠡᠬᠦ ᠬᠡᠷᠡᠭᠲᠡᠶ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠲᠠᠢ ᠤᠶᠠᠯᠳᠤᠭᠤᠯᠤᠨ᠂ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠵᠦ᠂ ᠨᠠᠮ ᠳᠤ ᠣᠷᠣᠬᠤ ᠢᠳᠡᠪᠬᠢᠲᠡᠨ ᠪᠠ ᠬᠥᠭᠵᠢᠭᠦᠯᠬᠦ ᠡᠲᠡᠭᠡᠳ ᠤᠨ ᠦᠵᠡᠯ ᠰᠠᠨᠠᠭ᠎ᠠ ᠤᠯᠤᠰ ᠲᠦᠷᠦ᠂ ᠴᠢᠳᠠᠪᠤᠷᠢ ᠬᠡᠪ ᠪᠣᠯᠪᠠᠰᠤᠷᠠᠯ᠂ ᠶᠣᠰᠣ ᠰᠤᠷᠲᠠᠬᠤᠨ ᠵᠠᠩ ᠰᠤᠷᠲᠠᠯ᠂ ᠪᠣᠳᠠᠲᠤ ᠢᠯᠡᠷᠡᠯ ᠵᠡᠷᠭᠡ ᠪᠠᠷᠢᠮᠵᠢᠶ᠎ᠠ ᠶᠢᠨ ᠨᠠᠷᠢᠨ ᠲᠦᠷᠢᠮ ᠢ ᠪᠦᠬᠦ ᠲᠠᠯ᠎ᠠ ᠪᠠᠷ ᠰᠢᠨᠵᠢᠯᠡᠨ ᠪᠠᠶᠢᠴᠠᠭᠠᠵᠤ᠂ ᠨᠠᠮ ᠤᠨ ᠭᠡᠰᠢᠭᠦᠨ ᠤ ᠪᠦᠲᠦᠴᠡ ᠶᠢᠨ ᠵᠦᠢ ᠵᠣᠬᠢᠰᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠪᠠ᠃ ︽ᠨᠠᠮ ᠳᠤ ᠣᠷᠣᠬᠤ ᠭᠤᠶᠤᠴᠢᠯᠠᠭᠴᠢ᠂ ᠨᠠᠮ ᠳᠤ ᠣᠷᠣᠬᠤ ᠢᠳᠡᠪᠬᠢᠲᠡᠨ᠂ ᠬᠥᠭᠵᠢᠭᠦᠯᠬᠦ ᠡᠲᠡᠭᠡᠳ᠂ ᠪᠡᠯᠡᠳᠬᠡᠯ ᠨᠠᠮ ᠤᠨ ᠭᠡᠰᠢᠭᠦᠨ︾ ᠳᠥᠷᠪᠡᠨ ᠲᠥᠷᠥᠯ ᠤᠨ ᠬᠥᠮᠦᠰ ᠤᠨ ᠡᠬᠡ ᠲᠠᠩᠰᠠ ᠶᠢ ᠪᠠᠶᠢᠭᠤᠯᠵᠤ᠂ ᠴᠠᠭ ᠲᠤᠬᠠᠶ ᠳᠤᠨᠢ ᠰᠢᠨᠡᠳᠬᠡᠨ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠵᠤ᠂ ᠱᠠᠯᠠᠪᠳᠠᠨ ᠬᠥᠭᠵᠢᠭᠦᠯᠬᠦ ᠶᠢ ᠰᠡᠷᠭᠡᠶᠢᠯᠡᠪᠡ᠃ ᠣᠲᠣ ᠪᠣᠯᠲᠠᠯ᠎ᠠ᠂ ᠮᠠᠨ ᠤ ᠪᠠᠯᠭᠠᠰᠤ ᠨᠠᠮ ᠳᠤ ᠣᠷᠣᠬᠤ ᠢᠳᠡᠪᠬᠢᠲᠡᠨ ᠢ ᠨᠡᠶᠢᠲᠡ 16 ᠬᠥᠮᠦᠵᠢᠭᠦᠯᠵᠦ᠂ 3 ᠬᠥᠭᠵᠢᠭᠦᠯᠬᠦ ᠡᠲᠡᠭᠡᠳ᠂ 7 ᠪᠡᠯᠡᠳᠬᠡᠯ ᠨᠠᠮ ᠤᠨ ᠭᠡᠰᠢᠭᠦᠨ ᠢ ᠬᠥᠮᠦᠵᠢᠭᠦᠯᠵᠡᠶ᠃      ᠶᠠᠪᠤᠴᠠ ᠶᠢ ᠨᠠᠷᠢᠯᠢᠭᠵᠢᠭᠤᠯᠵᠤ᠂ ᠨᠢᠭᠲᠠ ᠴᠢᠩᠭ᠎ᠠ ᠠᠯᠬᠤᠮ ᠳᠠᠷᠠᠭ᠎ᠠ ᠪᠠᠷ ᠬᠥᠮᠦᠵᠢᠭᠦᠯᠦᠨ ᠬᠥᠭᠵᠢᠭᠦᠯᠪᠡ᠃ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠲᠤᠪᠤᠶᠢᠯᠭᠠᠨ᠂ ᠦᠵᠡᠯ ᠰᠠᠨᠠᠭᠠᠨ ᠤ ᠲᠠᠯ᠎ᠠ ᠪᠠᠷ ᠨᠠᠮ ᠳᠤ ᠤᠷᠤᠬᠤ ᠶᠢ ᠴᠢᠩᠭᠠᠳᠬᠠᠵᠤ᠂ ᠨᠠᠮ ᠤᠨ ᠭᠡᠰᠢᠭᠦᠨ ᠤ ᠶᠠᠰᠤ ᠴᠢᠨᠠᠷ ᠤᠨ ᠪᠣᠭᠤᠮᠲᠠ ᠶᠢ ᠦᠨᠡᠨ ᠬᠦ ᠴᠢᠩᠭ᠎ᠠ ᠠᠳᠬᠤᠬᠤ ᠬᠡᠷᠡᠭᠲᠡᠢ᠃ ︽ᠦᠬᠠᠢ ᠬᠤᠳᠠ ᠶᠢᠨ ᠨᠠᠮ ᠤᠨ ᠭᠡᠰᠢᠭᠦᠨ ᠡᠯᠰᠡᠬᠦ ᠠᠵᠢᠯ ᠤᠨ ᠲᠦᠷᠢᠮ︾ ᠢ ᠴᠢᠩᠭ᠎ᠠ ᠵᠢᠷᠤᠮᠯᠠᠨ᠂ ︽ᠨᠠᠮ ᠳᠤ ᠣᠷᠣᠬᠤ ᠪᠠᠷ ᠭᠤᠶᠤᠴᠢᠯᠠᠬᠤ᠂ ᠨᠠᠮ ᠳᠤ ᠣᠷᠣᠬᠤ ᠢᠳᠡᠪᠬᠢᠲᠡᠨ ᠢ ᠲᠣᠭᠲᠠᠭᠠᠬᠤ ᠪᠠ ᠰᠢᠨᠵᠢᠯᠡᠨ ᠪᠠᠶᠢᠴᠠᠭᠠᠬᠤ᠂ ᠪᠡᠯᠡᠳᠬᠡᠯ ᠨᠠᠮ ᠤᠨ ᠭᠡᠰᠢᠭᠦᠨ ᠢ ᠬᠦᠯᠢᠶᠡᠨ ᠠᠪᠬᠤ᠂ ᠪᠡᠯᠡᠳᠬᠡᠯ ᠨᠠᠮ ᠤᠨ ᠭᠡᠰᠢᠭᠦᠨ ᠢ ᠬᠥᠮᠦᠵᠢᠭᠦᠯᠦᠨ ᠰᠢᠨᠵᠢᠯᠡᠨ ᠪᠠᠶᠢᠴᠠᠭᠠᠬᠤ ᠪᠠ ᠲᠥᠪ ᠬᠤᠪᠢᠷᠠᠭᠤᠯᠬᠤ︾ 5 ᠶᠡᠭᠡ ᠭᠤᠭᠴᠤᠭ᠎ᠠ ᠶᠢ ᠴᠢᠩᠭ᠎ᠠ ᠠᠩᠬᠠᠷᠴᠤ᠂ ᠭᠤᠭᠴᠤᠭ᠎ᠠ ᠨᠢᠭᠡᠪᠦᠷᠢ ᠶᠢ ᠴᠢᠩᠭ᠎ᠠ ᠠᠩᠬᠠᠷᠴᠤ᠂ ᠠᠯᠬᠤᠮ ᠳᠠᠷᠠᠭ᠎ᠠ ᠨᠢᠭᠡᠪᠦᠷᠢ ᠶᠢ ᠴᠢᠩᠭ᠎ᠠ ᠠᠳᠬᠤᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠢ ᠴᠢᠩᠳᠠᠯᠠᠵᠤ᠂ ᠨᠠᠮ ᠠᠴᠠ ᠴᠢᠩᠭ᠎ᠠ᠂ ᠤᠬᠠᠮᠰᠠᠷ ᠢᠶᠠᠷ ᠥᠨᠳᠥᠷ ᠨᠥᠬᠦᠳ ᠢ ᠭᠤᠣᠯᠳᠠᠯᠭ᠎ᠠ ᠲᠠᠢ ᠬᠥᠭᠵᠢᠭᠦᠯᠵᠦ᠂ ᠨᠠᠮ ᠤᠨ ᠭᠡᠰᠢᠭᠦᠨ ᠤ ᠤᠯᠤᠰ ᠲᠦᠷᠦ ᠶᠢᠨ ᠲᠠᠯ᠎ᠠ ᠪᠠᠷ ᠬᠢ ᠲᠡᠷᠢᠭᠦᠨ ᠤ ᠴᠢᠨᠠᠷ ᠢ ᠪᠠᠲᠤᠯᠠᠬᠤ ᠬᠡᠷᠡᠭᠲᠡᠢ᠃      ᠬᠥᠮᠦᠵᠢᠯ ᠪᠣᠯᠪᠠᠰᠤᠷᠠᠯ ᠢ ᠡᠯᠪᠡᠭ ᠪᠠᠶᠠᠯᠢᠭ ᠬᠡᠯᠪᠡᠷᠢ ᠪᠠᠷ ᠪᠡᠶᠡᠴᠢᠯᠡᠨ‌ᠣᠶᠢᠯᠠᠭᠠᠵᠤ ᠨᠠᠷᠢᠯᠢᠭ ᠪᠤᠶᠢᠵᠢᠭᠤᠯᠤᠨ᠎ᠠ᠃ ᠳᠡᠰ ᠳᠠᠪᠬᠤᠷᠭ᠎ᠠ ᠲᠥᠷᠥᠯ ᠬᠤᠪᠢᠶᠠᠬᠤ ᠬᠡᠯᠪᠡᠷᠢ ᠶᠢ ᠠᠪᠴᠤ᠂ ᠪᠡᠯᠡᠳᠬᠡᠯ ᠨᠠᠮ ᠤᠨ ᠭᠡᠰᠢᠭᠦᠨ᠂ ᠡᠯᠰᠡᠬᠦ ᠡᠲᠡᠭᠡᠳ ᠪᠠ ᠨᠠᠮ ᠳᠤ ᠣᠷᠣᠬᠤ ᠢᠳᠡᠪᠬᠢᠲᠡᠨ ᠤ ᠪᠣᠯᠪᠠᠰᠤᠷᠠᠯ ᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠳᠣᠲᠣᠭᠠᠳᠤ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠪᠠ ᠨᠠᠮ ᠤᠨ ᠭᠡᠷᠡᠯ ᠰᠠᠴᠤᠷᠠᠩᠭᠤᠢ ᠲᠡᠦᠬᠡ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠠᠷ ᠪᠣᠯᠪᠠᠰᠤᠷᠠᠭᠤᠯᠤᠨ ᠰᠤᠷᠤᠯᠴᠠᠵᠤ᠂ ᠰᠤᠷᠤᠯᠴᠠᠬᠤ ᠣᠪᠣᠷ ᠢᠶᠠᠨ ᠲᠥᠪ ᠪᠣᠯᠭᠠᠬᠤ᠂ ᠨᠠᠮ ᠳᠤ ᠣᠷᠣᠬᠤ ᠤᠭ ᠰᠠᠨᠠᠭ᠎ᠠ ᠪᠠᠨ ᠲᠣᠳᠣᠷᠬᠠᠶᠢᠯᠠᠬᠤ ᠦᠷ᠎ᠡ ᠪᠦᠲᠦᠮᠵᠢ ᠳᠤ ᠬᠦᠷᠪᠡ᠃ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠠᠴᠢᠯᠠᠭᠰᠠᠨ ᠤᠶᠤᠨ ᠤ ᠬᠥᠮᠦᠵᠢᠯ ᠤᠨ ᠡᠭᠦᠯᠡᠨ ᠲᠠᠪᠴᠠᠩ ᠳᠤ ᠲᠦᠰᠢᠭᠯᠡᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠤ ᠲᠤᠰ ᠪᠡᠶ᠎ᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠯᠪᠡᠭ ᠪᠠᠶᠠᠯᠢᠭ ᠠᠭᠤᠯᠭ᠎ᠠ ᠲᠠᠢ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠪᠠᠷ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠭᠡᠰᠢᠭᠦᠨ ᠤ ᠤᠬᠠᠮᠰᠠᠷ᠂ ᠵᠣᠬᠢᠶᠠᠨ ᠪᠠᠶᠢᠭᠤᠯᠤᠯᠲᠠ ᠶᠢᠨ ᠦᠵᠡᠯᠲᠡ ᠶᠢ ᠴᠢᠩᠭᠠᠳᠬᠠᠵᠤ᠂ ᠨᠠᠮ ᠤᠨ ᠭᠡᠰᠢᠭᠦᠨ ᠤ ᠡᠩᠨᠡᠭᠡ ᠶᠢᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号