ᠵᠠᠩ ᠨᠢᠩ
ᠨᠡᠶᠢᠲᠡᠯᠡᠭᠰᠡᠨ ᠴᠠᠭ᠄
2024/4/14
ᠡᠭᠦᠷᠭᠡ ᠲᠤᠰᠢᠶᠠᠯ      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠᠤᠳᠤᠷᠢᠳᠤᠯᠭ᠎ᠠ ᠶᠢᠨ ᠲᠠᠨᠢᠯᠴᠠᠭᠤᠯᠭ᠎ᠠ      ᠵᠠᠩ ᠨᠢᠩ᠂ ᠡᠷᠡᠭᠲᠡᠶ᠂ ᠬᠢᠲᠠᠳ ᠦᠨᠳᠦᠰᠦᠲᠡᠨ᠂ 1987 ᠣᠨ ᠤ 10 ᠰᠠᠷ᠎ᠠ ᠳᠤ ᠳᠦᠷᠦᠵᠡᠶ᠂ ᠾᠧᠨᠠᠨ ᠤ ᠲᠠᠶᠢᠺᠠᠩ ᠤᠨ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2009 ᠣᠨ ᠤ 5 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2010 ᠣᠨ ᠤ 6 ᠰᠠᠷ᠎ᠠ ᠳᠤ ᠠᠵᠢᠯ ᠳᠤ ᠣᠷᠣᠪᠠ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃ᠠᠵᠢᠯ ᠤᠨ ᠡᠭᠦᠷᠭᠡ ᠬᠠᠷᠢᠭᠤᠴᠠᠯᠭ᠎ᠠ      ᠲᠣᠭᠤᠷᠢᠭ ᠤᠨ ᠳᠠᠷᠤᠭ᠎ᠠ ᠶᠢ ᠬᠠᠮᠵᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠣᠮᠣ ᠳ᠋ᠠᠶᠢᠲ᠋ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ︔ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠬᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠣᠷᠣᠨ ᠤ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠠᠶᠢᠨᠠᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠬᠠᠶᠢᠨᠠᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠠᠶᠢᠨᠠᠨ ᠤ ᠡᠵᠡᠩᠨᠡᠨ ᠪᠣᠷᠣᠯᠠᠭᠤᠯᠬᠤ ᠲᠥᠪ ᠲᠠᠢ ᠬᠠᠷᠢᠯᠴᠠᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号