︽ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ︽ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠶ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/4/15
      ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ︽ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ︽ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠢ ᠨᠢᠭᠡᠨᠲᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                                      2024 ᠣᠨ ᠤ 2 ᠰᠠᠷ᠎ᠠ ᠶᠢᠨ 22 ᠤᠨ ᠡᠳᠦᠷ                                      ︵ᠲᠤᠰ ᠲᠣᠨᠤᠭ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ︶      ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠦᠷᠢᠮ ︵ᠲᠤᠷᠰᠢᠨ ᠬᠡᠷᠡᠭᠵᠢᠬᠦᠯᠬᠦ︶      ᠨᠢᠭᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2018︺ 115 ᠳ᠋ᠤᠭᠠᠷ ᠲᠣᠭᠠᠲᠤ︶ ᠪᠠ ︽ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 47 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 47 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠵᠢᠯ ᠤᠨ ᠲᠦᠷᠢᠮ ᠢ ᠲᠣᠭᠲᠠᠭᠠᠪᠠ᠃      ᠬᠤᠶᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠳᠤ ᠳᠤᠤᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄      ︵ᠨᠢᠭᠡ︶ ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠨ᠎ᠠ︔      ︵ᠬᠤᠶᠠᠷ︶ ᠠᠷᠠᠳ ᠢᠷᠭᠡᠨ᠂ ᠬᠠᠤᠯᠢ ᠶᠢᠨ ᠬᠥᠮᠥᠨ ᠪᠠ ᠪᠣᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠨ᠎ᠠ︔      ︵ᠭᠤᠷᠪᠠ︶ ᠲᠠᠰ ᠳᠠᠷᠠᠭᠠᠯᠠᠯ ᠢ ᠪᠣᠳᠠᠲᠤ ᠴᠣᠭᠴᠠ ᠯᠤᠭ᠎ᠠ ᠬᠢᠨᠠᠨ ᠬᠠᠷᠭᠤᠭᠤᠯᠬᠤ ᠶᠢ ᠵᠡᠷᠭᠡ ᠪ᠊ ‍ᠠᠷ ᠴᠢᠬᠤᠯᠠᠴᠢᠯᠠᠬᠤ ᠶᠢ ᠪᠠᠷᠢᠮᠲᠠᠯᠠᠨ᠎ᠠ︔      ︵ᠲᠦᠷᠪᠡ︶ ᠬᠠᠤᠯᠢ ᠶᠣᠰᠣᠴᠢ ᠴᠢᠨᠠᠷ ᠪᠠ ᠵᠦᠶ ᠶᠣᠰᠣᠴᠢ ᠴᠢᠨᠠᠷ ᠢ ᠬᠢᠨᠠᠨ ᠬᠠᠷᠭᠤᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ︔      ︵ᠲᠠᠪᠤ︶ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠠ ᠡᠷᠬᠡ ᠬᠠᠷᠢᠭᠤᠴᠠᠯᠭ᠎ᠠ ᠶᠢ ᠨᠢᠭᠡᠳᠬᠡᠬᠦ ᠶᠢ ᠪᠠᠷᠢᠮᠲᠠᠯᠠᠨ᠎ᠠ᠃      ᠭᠤᠷᠪᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ︵ᠲᠤᠷᠤᠬᠰᠢ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠬᠡᠵᠦ ᠲᠤᠪᠴᠢᠯᠠᠨ᠎ᠠ︶ ᠭᠡᠳᠡᠭ ᠨᠢ ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠠᠴᠠ ᠭᠠᠳᠠᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠡᠷᠭᠡ ᠤᠯᠭᠤᠭᠰᠠᠨ ᠤᠯᠠᠨ ᠨᠡᠶᠢᠳᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠮᠵᠢ ᠲᠠᠢ ᠵᠤᠬᠢᠶᠠᠨ ᠪᠠᠶᠢᠭᠤᠯᠤᠯᠳᠠ ︵ᠲᠤᠷᠤᠭᠰᠢ ᠪᠠᠨ ᠵᠠᠰᠠᠭ ᠵᠠᠬᠢᠷᠭᠠᠨ ᠤ ᠪᠠᠶᠢᠭᠤᠯᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠬᠠᠤᠯᠢ ᠳᠤ ᠲᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ᠂  ᠳᠡᠰ ᠳᠠᠷᠠᠭᠠᠯᠠᠯ ᠶᠤᠰᠤᠭᠠᠷ ᠲᠤᠨᠨᠳᠠᠭᠠᠬᠤ ᠶᠢᠨ ᠬᠠᠮᠳᠤ ᠢᠯᠡ ᠪᠠᠷ ᠨᠡᠶᠢᠳᠡᠯᠡᠵᠦ᠂ ᠠᠷᠠᠳ ᠢᠷᠭᠡᠨ᠂  ᠬᠠᠤᠯᠢ ᠶᠢᠨ ᠡᠷᠭᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠳᠤ ᠬᠤᠯᠪᠤᠨᠨᠳᠠᠬᠤ ᠡᠷᠬᠡ ᠡᠭᠦᠷᠬᠡ᠂  ᠨᠡᠶᠢᠳᠡᠮ ᠤᠨ ᠬᠢᠵᠠᠭᠠᠷᠯᠠᠬᠤ ᠭᠦᠴᠦᠨ ᠲᠠᠢ ᠪᠠᠶᠢᠵᠦ᠂  ᠵᠤᠬᠢᠬᠤ  ᠬᠤᠭᠤᠴᠠᠭᠠᠨ  ᠲᠤᠳᠤᠷ᠎ᠠ  ᠲᠠᠬᠢᠨ  ᠲᠠᠪᠳᠠᠨ  ᠬᠡᠷᠡᠭᠯᠡᠬᠦ  ᠠᠯᠪᠠᠨ ᠪᠢᠴᠢᠭ ᠢ ᠵᠢᠭᠠᠨ᠎ᠠ᠃      ᠳᠥᠷᠪᠡᠳᠦᠭᠡᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ ᠵᠢᠴᠢ ᠦᠨᠡᠮᠰᠢᠬᠦ ᠬᠡᠷᠡᠭᠲᠡᠶ᠃      ︵ᠨᠢᠭᠡ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ᠄      1. ᠲᠣᠭᠤᠷᠢᠭ᠂ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃      2. ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ︔      3᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ᠃      ︵ᠬᠤᠶᠠᠷ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ ᠨᠢ ᠳᠣᠤᠷᠠᠬᠢ ᠮᠡᠲᠦ ᠪᠠᠶᠢᠭᠤᠯᠤᠮᠵᠢ ᠶᠢ ᠪᠠᠭᠲᠠᠭᠠᠬᠤ ᠦᠭᠡᠶ᠄      1. ᠠᠵᠢᠯ ᠦᠢᠯᠡᠰ ᠤᠨ ᠨᠢᠭᠡᠴᠡ᠃      2. ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠃      3. ᠲᠦᠷ ᠴᠠᠭ ᠤᠨ ᠪᠠᠶᠢᠭᠤᠯᠤᠮᠵᠢ᠃      4᠂ ᠣᠷᠣᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠳᠣᠲᠣᠭᠠᠳᠤ ᠪᠠᠶᠢᠭᠤᠯᠤᠮᠵᠢ᠃      ︵ᠭᠤᠷᠪᠠ︶ ᠳᠣᠤᠷᠠᠬᠢ ᠬᠤᠯᠪᠣᠭᠳᠠᠯ ᠪᠦᠬᠦᠢ ᠵᠦᠢᠯ ᠤᠨ ᠪᠢᠴᠢᠭ ᠮᠠᠲ᠋ᠧᠷᠢᠶᠠᠯ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠷᠢᠶᠠᠯᠠᠭᠳᠠᠬᠤ ᠦᠭᠡᠶ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠨ ᠬᠠᠷᠭᠤᠭᠤᠯᠬᠤ ᠬᠡᠪᠴᠢᠶᠡᠨ ᠳᠤ ᠣᠷᠣᠭᠤᠯᠬᠤ ᠦᠭᠡᠶ᠄      1. ᠰᠠᠯᠠᠭ᠎ᠠ ᠮᠥᠴᠢᠷ ︵ᠨᠢᠭᠡᠴᠢ︶ ᠤᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠵᠡᠷᠭᠡ ᠶᠢᠨ ᠲᠣᠭᠲᠠᠭᠠᠯ᠃      2. ᠪᠢᠴᠢᠭ ᠮᠠᠲ᠋ᠧᠷᠢᠶᠠᠯ ᠶᠠᠪᠤᠭᠤᠯᠤᠭᠰᠠᠨ ᠪᠠᠶᠢᠭᠤᠯᠤᠯᠭ᠎ᠠ ᠶᠢᠨ ᠳᠣᠲᠣᠭᠠᠳᠤ ᠶᠢᠨ ᠠᠵᠢᠯ ᠤᠨ ᠳᠦᠷᠢᠮ᠂ ᠬᠠᠮᠢᠶᠠᠷᠤᠯᠲᠠ ᠶᠢᠨ ᠳᠦᠷᠢᠮ᠃ ᠵᠢᠱᠢᠶᠡᠯᠡᠪᠡᠯ ᠠᠵᠢᠯ ᠤᠨ ᠳᠦᠷᠢᠮ᠂ ᠬᠦᠳᠡᠯᠮᠦᠷᠢ ᠶᠢᠨ ᠰᠠᠬᠢᠯᠭ᠎ᠠ ᠪᠠᠲᠤ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ᠂ ᠬᠥᠬᠢᠭᠦᠯᠦᠨ ᠱᠠᠩᠨᠠᠬᠤ᠂ ᠡᠳ᠋ ᠤᠨ ᠶᠠᠪᠤᠳᠠᠯ ᠤᠨ ᠡᠳ᠋ ᠪᠣᠳᠠᠰ ᠤᠨ ᠬᠠᠮᠢᠶᠠᠷᠤᠯᠲᠠ᠂ ᠠᠷᠢᠭᠤᠨ ᠴᠢᠬᠡᠴᠢ ᠶᠢᠨ ᠪᠠᠶᠢᠭᠤᠯᠤᠯᠲᠠ ᠵᠡᠷᠭᠡ ᠠᠷᠠᠳ ᠢᠷᠭᠡᠨ᠂ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ ᠬᠤᠯᠪᠣᠭᠳᠠᠬᠤ ᠦᠭᠡᠢ ᠳᠣᠲᠣᠭᠠᠳᠤ ᠶᠢᠨ ᠳᠡᠰ ᠳᠠᠷᠠᠭᠠᠯᠠᠯ ᠤᠨ ᠴᠢᠨᠠᠷᠲᠠᠢ ᠪᠢᠴᠢᠭ ᠮᠠᠲ᠋ᠧᠷᠢᠶᠠᠯ︔      3. ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ ᠶᠢᠨ ᠲᠥᠷᠥᠯ ᠤᠨ ᠪᠢᠴᠢᠭ ᠮᠠᠲ᠋ᠧᠷᠢᠶᠠᠯ᠂ ᠮᠡᠷᠭᠡᠵᠢᠯ ᠤᠨ ᠠᠵᠢᠯᠯᠠᠭᠠᠨ ᠤ ᠳᠦᠷᠢᠮ᠃      4. ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︔      5. ᠭᠠᠵᠠᠷ ᠲᠠᠲᠠᠪᠤᠷᠢᠯᠠᠭᠰᠠᠨ ᠳᠤ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ᠃      6. ᠠᠯᠪᠠᠲᠠᠨ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠠᠵᠢᠯᠲᠠᠨ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠠᠵᠢᠯᠲᠠᠨ ᠵᠢᠴᠢ ᠪᠦᠬᠦ ᠲᠤᠭ᠎ᠠ ᠪᠠᠷ ᠵᠣᠭᠤᠰ ᠰᠠᠯᠭᠠᠨ ᠥᠭᠭᠦᠭᠰᠡᠨ ᠪᠤᠰᠤᠳ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠠᠵᠢᠯᠲᠠᠨ ᠤ ᠶᠠᠪᠤᠳᠠᠯ᠂ ᠴᠠᠯᠢᠩ᠂ ᠠᠮᠵᠢᠯᠲᠠ ᠪᠦᠲᠦᠮᠵᠢ ᠵᠡᠷᠭᠡ ᠲᠠᠯ᠎ᠠ ᠪᠠᠷ ᠬᠢᠨᠠᠯᠲᠠ ᠲᠠᠯᠪᠢᠵᠤ ᠬᠠᠮᠢᠶᠠᠷᠬᠤ ᠪᠢᠴᠢᠭ ᠮᠠᠲ᠋ᠧᠷᠢᠶᠠᠯ᠃      7. ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ᠂ ᠡᠭᠦᠷᠭᠡ ᠳᠤ ᠬᠤᠯᠪᠣᠭᠳᠠᠬᠤ ᠠᠵᠢᠯ ᠤᠨ ᠲᠥᠯᠥᠪᠵᠢᠭᠦᠯᠭᠡ᠂ ᠲᠥᠯᠥᠪᠯᠡᠭᠡ᠂ ᠲᠤᠬᠢᠷᠠᠭᠤᠯᠤᠯᠳᠠ᠂ ᠭᠤᠣᠯᠳᠠᠯᠭ᠎ᠠ᠂ ᠬᠢᠨᠠᠨ ᠰᠢᠯᠭᠠᠯᠲᠠ᠂ ᠬᠢᠨᠠᠯᠲᠠ ᠲᠠᠯᠪᠢᠵᠤ ᠪᠠᠶᠢᠴᠠᠭᠠᠬᠤ᠂ ᠳ᠋ᠦᠩᠨᠡᠯᠲᠡ᠂ ᠶᠡᠷᠦᠩᠬᠡᠶᠢᠯᠡᠭᠰᠡᠨ ᠲᠣᠭᠠᠴᠢᠯᠲᠠ ᠵᠡᠷᠭᠡ ᠪᠢᠴᠢᠭ ᠮᠠᠲ᠋ᠧᠷᠢᠶᠠᠯ᠃      8. ᠬᠤᠷᠠᠯ ᠤᠨ ᠲᠣᠪᠴᠢ ᠲᠡᠮᠳᠡᠭᠯᠡᠯ᠂ ᠬᠤᠷᠠᠯ ᠤᠨ ᠮᠡᠳᠡᠭᠳᠡᠯ ᠵᠢᠴᠢ ᠬᠤᠷᠠᠯ ᠤᠨ ᠶᠠᠷᠢᠶᠠᠨ ᠤ ᠮᠠᠲ᠋ᠧᠷᠢᠶᠠᠯ ᠵᠡᠷᠭᠡ︔      9. ᠵᠢᠭᠠᠪᠤᠷᠢ ᠠᠪᠬᠤ᠂ ᠮᠡᠳᠡᠭᠦᠯᠬᠦ      10. ᠪᠠᠶᠢᠭᠤᠯᠭ᠎ᠠ ᠶᠢᠨ ᠬᠤᠭᠤᠷᠣᠨᠳᠣᠬᠢ ᠵᠣᠬᠢᠴᠠᠭᠤᠯᠬᠤ ᠠᠵᠢᠯ᠂ ᠠᠰᠠᠭᠤᠨ ᠯᠠᠪᠯᠠᠬᠤ ᠪᠠ ᠠᠰᠠᠭᠤᠳᠠᠯ ᠢ ᠬᠠᠷᠢᠭᠤᠯᠬᠤ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠭᠦᠯᠬᠦ ᠪᠠᠷ ᠭᠤᠶᠤᠴᠢᠯᠠᠬᠤ ᠵᠡᠷᠭᠡ ᠶᠢ ᠪᠠᠭᠲᠠᠭᠠᠨ᠎ᠠ︔      11᠂ ᠠᠵᠢᠯ ᠤᠨ ᠤᠳᠤᠷᠢᠳᠬᠤ ᠳᠤᠭᠤᠶᠢᠯᠠᠩ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠠᠶᠢᠭᠤᠯᠬᠤ ᠮᠡᠳᠡᠭᠳᠡᠯ᠃      12᠂ ᠣᠨᠴᠠ ᠲᠣᠭᠲᠠᠭᠰᠠᠨ ᠬᠥᠮᠦᠨ ᠪᠠ ᠣᠨᠴᠠ ᠲᠣᠭᠲᠠᠭᠰᠠᠨ ᠵᠦᠢᠯ ᠢ ᠨᠡᠶᠢᠲᠡᠯᠡᠭᠰᠡᠨ ᠵᠠᠷᠯᠠᠯ᠂ ᠮᠡᠳᠡᠭᠳᠡᠬᠦ᠂ ᠴᠣᠬᠤᠯᠠᠪᠤᠷᠢᠯᠠᠬᠤ᠂ ᠵᠠᠷᠯᠠᠨ ᠮᠡᠳᠡᠭᠳᠡᠬᠦ ᠪᠤᠶᠤ ᠭᠠᠷᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠨᠤᠲᠠᠯᠠᠯᠲᠠ ᠪᠠ ᠵᠠᠰᠠᠭ ᠵᠠᠬᠢᠷᠭᠠᠨ ᠤ ᠪᠣᠳᠠᠲᠠᠶ ᠬᠠᠤᠯᠢ ᠬᠡᠷᠡᠭᠵᠢᠭᠦᠯᠬᠦ ᠲᠣᠭᠲᠠᠭᠠᠯ ᠵᠢᠴᠢ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠵᠡᠷᠭᠡ︔      13᠂ ᠠᠵᠢᠯ ᠶᠠᠪᠤᠳᠠᠯ ᠭᠦᠶ᠋ᠴᠡᠳᠬᠡᠬᠦ ᠴᠠᠭ᠂ ᠭᠠᠵᠠᠷ ᠣᠷᠣᠨ ᠵᠡᠷᠭᠡ ᠵᠦᠶ᠋ᠯᠡᠰ ᠤᠨ ᠠᠷᠠᠳ ᠲᠤ ᠲᠥᠬᠦᠮ ᠦᠵᠡᠭᠦᠯᠬᠦ ᠲᠥᠷᠥᠯ ᠤᠨ ᠪᠢᠴᠢᠭ ᠬᠠᠷ᠎ᠠ ᠶᠢ ᠵᠠᠷᠯᠠᠨ ᠨᠡᠶᠢᠲᠡᠯᠡᠨ᠎ᠡ︔      14᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠥᠪᠬᠡᠨ ᠬᠡᠯᠪᠡᠷᠢᠵᠢᠭᠰᠡᠨ ᠪᠢᠴᠢᠭ ᠬᠠᠷ᠎ᠠ᠂ ᠮᠡᠳᠡᠭᠦᠯᠬᠦ ᠬᠦᠰᠦᠨᠦᠭᠲᠦ᠂ ᠨᠢᠭᠲᠠᠯᠠᠨ ᠪᠣᠳᠣᠬᠤ ᠪᠠᠷᠢᠮᠵᠢᠶ᠎ᠠ᠂ ᠨᠢᠭᠲᠠᠯᠠᠨ ᠪᠣᠳᠣᠵᠤ ᠲᠣᠭᠠᠴᠠᠭ᠎ᠠ ᠬᠢᠬᠦ ᠳᠦᠷᠢᠮ ᠵᠡᠷᠭᠡ ᠮᠡᠷᠭᠡᠵᠢᠯ ᠤᠨ ᠵᠦᠢᠯᠡᠰ ᠲᠤ ᠲᠣᠭᠲᠠᠭᠠᠭᠰᠠᠨ ᠪᠢᠴᠢᠭ ᠮᠠᠲ᠋ᠧᠷᠢᠶᠠᠯ ᠪᠣᠯᠣᠨ ᠲᠥᠰᠥᠪ ᠢ ᠪᠠᠭᠤᠯᠭᠠᠬᠤ᠂ ᠪᠡᠯᠡ ᠮᠥᠩᠭᠦ ᠶᠢ ᠬᠤᠪᠢᠶᠠᠷᠢᠯᠠᠬᠤ᠂ ᠲᠥᠷᠥᠯ ᠵᠦᠢᠯ ᠢ ᠴᠤᠬᠤᠯᠠᠪᠤᠷᠢᠯᠠᠨ ᠬᠠᠷᠢᠭᠤᠯᠬᠤ ᠪᠢᠴᠢᠭ ᠮᠠᠲ᠋ᠧᠷᠢᠶᠠᠯ      15᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠲᠣᠭᠲᠠᠭᠠᠭᠰᠠᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠪᠢᠴᠢᠭ ᠮᠠᠲ᠋ᠧᠷᠢᠶᠠᠯ᠃      16. ᠨᠢᠭᠤᠴᠠ ᠳᠤ ᠬᠤᠯᠪᠣᠭᠳᠠᠬᠤ ᠪᠤᠶᠤ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠢᠯᠡ ᠪᠣᠯᠭᠠᠬᠤ ᠦᠭᠡᠢ ᠪᠢᠴᠢᠭ ᠮᠠᠲ᠋ᠧᠷᠢᠶᠠᠯ︔      17. ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ ᠬᠤᠯᠪᠣᠭᠳᠠᠬᠤ ᠪᠣᠯᠪᠠᠴᠤ ᠲᠣᠰ ᠡᠷᠬᠡ ᠡᠭᠦᠷᠭᠡ ᠶᠢᠨ ᠲᠣᠭᠲᠠᠭᠠᠯᠲᠤ ᠴᠢᠨᠠᠷ ᠪᠠ ᠠᠵᠢᠯᠯᠠᠭᠠᠨ ᠤ ᠴᠢᠨᠠᠷ ᠪᠠᠶᠢᠬᠤ ᠦᠭᠡᠢ᠂ ᠰᠢᠭᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠬᠤ ᠠᠵᠢᠯ ᠤᠨ ᠰᠠᠨᠠᠯ᠂ ᠠᠵᠢᠯ ᠤᠨ ᠪᠠᠶᠢᠷᠢᠯᠠᠭᠤᠯᠤᠯᠲᠠ᠂ ᠠᠵᠢᠯ ᠤᠨ ᠲᠥᠰᠦᠯ᠂ ᠠᠵᠢᠯ ᠤᠨ ᠲᠥᠯᠥᠪᠵᠢᠭᠦᠯᠭᠡ ᠪᠠ ᠬᠥᠭᠵᠢᠯᠲᠡ ᠶᠢᠨ ᠬᠥᠲᠥᠯᠪᠦᠷᠢ ᠵᠡᠷᠭᠡ ᠪᠢᠴᠢᠭ ᠮᠠᠲ᠋ᠧᠷᠢᠶᠠᠯ ᠢ ᠡᠰᠢᠯᠡᠵᠦ ᠪᠣᠯᠬᠤ ᠦᠭᠡᠢ᠃      18᠂ ᠪᠤᠰᠤᠳ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠪᠠ ᠡᠭᠦᠷᠭᠡ ᠳᠤ ᠬᠤᠯᠪᠣᠭᠳᠠᠬᠤ ᠦᠭᠡᠢ ᠪᠤᠶᠤ ᠨᠡᠶᠢᠳᠡᠮ ᠤᠨ ᠬᠢᠵᠠᠭᠠᠷᠯᠠᠬᠤ ᠬᠦᠴᠦᠨ ᠦᠭᠡᠢ ᠪᠢᠴᠢᠭ ᠮᠠᠲ᠋ᠧᠷᠢᠶᠠᠯ᠃      ︵ᠲᠦᠷᠪᠡ︶ ᠬᠡᠳᠦᠨ ᠵᠦᠢᠯ ᠤᠨ ᠪᠢᠴᠢᠭ ᠮᠠᠲ᠋ᠧᠷᠢᠶᠠᠯ ᠢ ᠮᠠᠭᠠᠳᠯᠠᠨ ᠲᠤᠭᠳᠠᠭᠠᠬᠤ᠄      1. ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠴᠤᠬᠤᠯᠠᠪᠤᠷᠢᠯᠠᠨ ᠤᠯᠠᠮᠵᠢᠯᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠮᠥᠨ︔ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠲᠣᠰ ᠱᠠᠲᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠲᠣᠰ ᠰᠠᠯᠠᠭ᠎ᠠ ᠮᠥᠴᠢᠷ ᠤᠨ ᠨᠡᠷ᠎ᠡ ᠪᠠᠷ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠮᠥᠨ︔      2. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠭ ᠪᠢᠴᠢᠭ ᠮᠠᠲ᠋ᠧᠷᠢᠶᠠᠯ ᠢ ᠤᠯᠠᠮᠵᠢᠯᠠᠨ ᠲᠠᠷᠬᠠᠭᠠᠭᠰᠠᠨ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠢᠰᠢ︔ ᠭᠡᠪᠡᠴᠦ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠮᠵᠢᠭᠤᠯᠤᠨ ᠲᠠᠷᠬᠠᠭᠠᠬᠤ ᠶᠢᠨ ᠬᠠᠮᠲᠤ ᠪᠣᠳᠠᠲᠠᠶ ᠬᠡᠷᠡᠭᠵᠢᠭᠦᠯᠬᠦ ᠠᠷᠭ᠎ᠠ ᠬᠡᠮᠵᠢᠶ᠎ᠡ ᠪᠤᠶᠤ ᠨᠥᠬᠦᠪᠥᠷᠢᠯᠡᠬᠦ ᠰᠠᠨᠠᠯ ᠳᠤᠷᠠᠳᠴᠤ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ ᠰᠢᠭᠤᠳ ᠨᠥᠯᠥᠭᠡ ᠪᠣᠯᠤᠭᠰᠠᠨ ᠪᠠᠶᠢᠪᠠᠯ᠂ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃      3᠂ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠵᠡᠷᠭᠡ ᠲᠠᠰᠤᠯᠤᠯᠲᠠ ᠶᠢᠨ ᠡᠷᠬᠡ ᠶᠢ ᠨᠠᠷᠢᠯᠢᠬᠵᠢᠭᠤᠯᠬᠤ ᠲᠣᠭᠲᠠᠭᠠᠯ ᠪᠣᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠮᠥᠨᠭᠡᠪᠡᠴᠦ ᠵᠠᠰᠠᠭ ᠵᠠᠬᠢᠷᠭᠠᠨ ᠤ ᠪᠠᠶᠢᠭᠤᠯᠭ᠎ᠠ ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢ ᠵᠢᠯᠣᠭᠤᠳᠴᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠥᠭᠬᠦ ᠵᠡᠷᠭᠡ ᠲᠠᠰᠤᠯᠤᠯᠲᠠ ᠶᠢᠨ ᠡᠷᠬᠡ ᠶᠢᠨ ᠲᠤᠬᠠᠶ ᠨᠠᠷᠢᠯᠢᠬᠵᠢᠭᠤᠯᠤᠨ ᠬᠡᠮᠵᠢᠶᠡᠵᠢᠭᠦᠯᠬᠦ ᠲᠤᠬᠠᠶ ᠲᠣᠭᠲᠠᠭᠠᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠢᠰᠢ      4. ᠵᠠᠰᠠᠭ ᠵᠠᠬᠢᠷᠭᠠᠨ ᠤ ᠪᠠᠶᠢᠭᠤᠯᠭ᠎ᠠ ᠲᠤᠰᠬᠠᠶ ᠠᠵᠢᠯᠯᠠᠭ᠎ᠠ ᠶᠢ ᠬᠡᠷᠡᠭᠵᠢᠭᠦᠯᠬᠦ᠂ ᠬᠤᠯᠪᠣᠭᠳᠠᠯ ᠪᠥᠬᠦᠶ ᠠᠵᠢᠯ ᠢ ᠪᠠᠶᠢᠷᠢᠯᠠᠭᠤᠯᠬᠤ ᠶᠢᠨ ᠲᠥᠯᠥᠭᠡ ᠲᠣᠭᠲᠠᠭᠠᠭᠰᠠᠨ ᠠᠵᠢᠯ ᠤᠨ ᠲᠥᠰᠦᠯ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠢᠰᠢ ᠪᠣᠯᠪᠠᠴᠤ ᠲᠣᠰ ᠲᠥᠷᠥᠯ ᠤᠨ ᠲᠥᠰᠦᠯ ᠤᠨ ᠠᠭᠤᠯᠭ᠎ᠠ ᠨᠢ ᠬᠡᠷᠪᠡ ᠣᠨᠴᠠ ᠲᠣᠭᠲᠠᠭᠰᠠᠨ ᠪᠤᠰᠤ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ ᠰᠢᠭᠤᠳ ᠨᠥᠯᠥᠭᠡ ᠲᠠᠢ ᠪᠠᠶᠢᠪᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃      5. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠯᠣᠭᠤᠳᠬᠤ ᠰᠠᠨᠠᠯ ᠳᠤ ᠵᠠᠷᠴᠢᠮ ᠳᠡᠭᠡᠷ᠎ᠡ ᠪᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠢᠰᠢ ᠪᠣᠯᠪᠠᠴᠤ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠣᠨᠴᠠ ᠲᠣᠭᠲᠠᠭᠰᠠᠨ ᠪᠤᠰᠤ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ ᠰᠢᠭᠤᠳ ᠨᠥᠯᠥᠭᠡ ᠲᠠᠢ ᠪᠠᠶᠢᠪᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃      6. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠴᠣᠬᠤᠯᠠᠪᠤᠷᠢᠯᠠᠯ ᠨᠢ ᠵᠠᠷᠴᠢᠮ ᠳᠡᠭᠡᠷ᠎ᠡ ᠪᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠢᠰᠢ ᠪᠣᠯᠪᠠᠴᠤ ᠴᠣᠬᠤᠯᠠᠪᠤᠷᠢᠯᠠᠭᠰᠠᠨ ᠠᠭᠤᠯᠭ᠎ᠠ ᠨᠢ ᠴᠣᠬᠤᠯᠠᠪᠤᠷᠢᠯᠠᠭᠰᠠᠨ ᠪᠠᠶᠢᠭᠤᠯᠭ᠎ᠠ ᠶᠢᠨ ᠬᠠᠷᠢᠶᠠᠯᠠᠬᠤ ᠬᠡᠪᠴᠢᠶᠡᠨ ᠳᠣᠲᠣᠷᠠᠬᠢ ᠠᠳᠠᠯᠢ ᠲᠥᠷᠥᠯ ᠤᠨ ᠵᠦᠢᠯᠡᠰ ᠲᠤ ᠨᠡᠶᠢᠳᠡᠮ ᠬᠡᠷᠡᠭᠯᠡᠭᠡᠨ ᠤ ᠴᠢᠨᠠᠷᠲᠠᠶ ᠪᠠᠶᠢᠬᠤ ᠶᠢᠨ ᠬᠠᠮᠲᠤ ᠣᠨᠴᠠᠭᠠᠶ ᠪᠤᠰᠤ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ ᠰᠢᠭᠤᠳ ᠨᠥᠯᠥᠭᠡ ᠲᠠᠢ ᠪᠠᠶᠢᠪᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃      ᠲᠠᠪᠤᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠪᠣᠯᠤᠨ ᠳᠡᠰ ᠳᠠᠷᠠᠭᠠᠯᠠᠯ ᠤᠨ ᠶᠣᠰᠣᠭᠠᠷ ᠵᠣᠬᠢᠶᠠᠨ ᠲᠠᠷᠬᠠᠭᠠᠬᠤ ᠬᠡᠷᠡᠭᠲᠡᠶ᠃ ᠴᠢᠬᠤᠯᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠦᠨᠡᠯᠡᠨ ᠵᠢᠱᠢᠵᠦ ᠨᠤᠲᠠᠯᠠᠯᠲᠠ ᠬᠢᠬᠦ᠂ ᠢᠯᠡ ᠪᠠᠷ ᠰᠠᠨᠠᠯ ᠬᠤᠷᠢᠶᠠᠬᠤ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ᠂ ᠨᠡᠶᠢᠭᠡᠮ ᠳᠤ ᠢᠯᠡ ᠪᠠᠷ ᠨᠡᠶᠢᠲᠡᠯᠡᠬᠦ ᠵᠡᠷᠭᠡ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃      ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠳᠣᠲᠣᠭᠠᠳᠤ ᠪᠠᠶᠢᠭᠤᠯᠤᠮᠵᠢ ᠶᠢᠨ ᠨᠡᠷ᠎ᠡ ᠪᠠᠷ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠵᠤ ᠲᠠᠷᠬᠠᠭᠠᠬᠤ ᠶᠢ ᠴᠠᠭᠠᠵᠠᠯᠠᠨ᠎ᠠ᠃      ᠵᠢᠷᠭᠤᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠳᠣᠤᠷᠠᠬᠢ ᠮᠡᠲᠦ ᠵᠦᠢᠯ ᠤᠳ ᠢ ᠲᠣᠭᠲᠠᠭᠠᠵᠤ ᠪᠣᠯᠬᠤ ᠦᠭᠡᠶ᠄      ︵ᠨᠢᠭᠡ︶ ᠵᠠᠰᠠᠭ ᠵᠠᠬᠢᠷᠭᠠᠨ ᠤ ᠵᠥᠪᠰᠢᠶᠡᠷᠡᠯ      ︵ᠬᠤᠶᠠᠷ︶ ᠵᠠᠰᠠᠭ ᠵᠠᠬᠢᠷᠭᠠᠨ ᠤ ᠰᠢᠢᠳᠬᠡᠯ      ︵ᠭᠤᠷᠪᠠ︶ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠭᠡᠮᠵᠢᠶ᠎ᠡ᠂ ᠵᠠᠰᠠᠭ ᠵᠠᠬᠢᠷᠭᠠᠨ ᠤ ᠠᠯᠪᠠᠳᠠᠨ ᠬᠦᠢᠴᠡᠳᠭᠡᠨ᠎ᠡ︔      ︵ᠲᠦᠷᠪᠡ︶ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠥᠷᠥᠯ ᠵᠦᠢᠯ᠃      ︵ᠲᠠᠪᠤ︶ ᠵᠠᠰᠠᠭ ᠵᠠᠬᠢᠷᠭᠠᠨ ᠤ ᠲᠥᠯᠥᠪᠦᠷᠢ      ︵ᠵᠢᠷᠭᠤᠭ᠎ᠠ︶ ᠵᠠᠰᠠᠭ ᠵᠠᠬᠢᠷᠭᠠᠨ ᠤ ᠪᠠᠶᠢᠴᠠᠭᠠᠯᠲᠠ      ︵ᠳᠤᠯᠤᠭ᠎ᠠ︶ ᠭᠡᠷᠡᠴᠢᠯᠡᠬᠦ ᠵᠦᠢᠯᠡᠰ      ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠲᠣᠭᠲᠠᠭᠠᠵᠤ ᠪᠣᠯᠬᠤ ᠦᠭᠡᠶ ᠪᠤᠰᠤᠳ ᠵᠦᠢᠯ ᠤᠳ᠃      ᠳᠣᠯᠣᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠠᠴᠠ ᠡᠮᠦᠨ᠎ᠡ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠶᠢ ᠭᠠᠷᠭᠠᠪᠠᠯ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠶᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ ᠳᠤ ᠴᠢᠬᠤᠯᠠ ᠶᠡᠭᠡ ᠨᠥᠯᠥᠭᠡ ᠲᠠᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠣᠯ ᠲᠤᠭᠤᠷᠪᠢᠨ ᠪᠢᠴᠢᠬᠦ ᠨᠢᠭᠡᠴᠡ ᠫᠣᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠳᠤ ᠢᠯᠡ ᠪᠠᠷ ᠰᠠᠨᠠᠯ ᠬᠤᠷᠢᠶᠠᠬᠤ ᠬᠡᠷᠡᠭᠲᠡᠶ᠃ ᠨᠡᠶᠢᠭᠡᠮ ᠠᠴᠠ ᠢᠯᠡ ᠪᠠᠷ ᠰᠠᠨᠠᠯ ᠬᠤᠷᠢᠶᠠᠬᠤ ᠴᠠᠭ ᠬᠤᠭᠤᠴᠠᠭ᠎ᠠ ᠶᠢ 30 ᠡᠳᠦᠷ ᠠᠴᠠ ᠳᠤᠲᠠᠭᠤ ᠪᠠᠶᠢᠯᠭᠠᠵᠤ ᠪᠣᠯᠬᠤ ‍ᠦᠭᠡᠢ᠃      ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠴᠠ ᠭᠠᠳᠠᠨ᠎ᠠ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠯᠤᠭ᠎ᠠ ᠨᠢᠭᠲᠠ ᠬᠤᠯᠪᠣᠭᠳᠠᠬᠤ ᠪᠠᠶᠢᠪᠠᠯ᠂ ᠲᠤᠭᠤᠷᠪᠢᠨ ᠪᠢᠴᠢᠬᠦ ᠨᠢᠭᠡᠴᠡ ᠲᠣᠭᠲᠠᠭᠠᠯ ᠶᠣᠰᠣᠭᠠᠷ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠪᠠ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠰᠣᠨᠣᠰᠬᠤ ᠬᠡᠷᠡᠭᠲᠡᠶ᠃      ᠮᠠᠷᠭᠤᠭᠠᠨ ᠢᠶᠠᠷ ᠨᠡᠯᠢᠶᠡᠳ ᠶᠡᠭᠡ ᠤᠴᠢᠷ ᠶᠠᠪᠤᠳᠠᠯ ᠳᠤ ᠪᠣᠯ ᠭᠤᠷᠪᠠᠳᠠᠬᠢ ᠡᠲᠡᠭᠡᠳ ᠤᠨ ᠦᠨᠡᠯᠡᠯᠲᠡ ᠬᠢᠬᠦ ᠶᠢ ᠣᠷᠣᠭᠤᠯᠵᠤ ᠢᠷᠡᠨ᠂ ᠠᠰᠢᠭ ᠲᠤᠰᠠ ᠶᠢᠨ ᠬᠠᠮᠢᠶ᠎ᠠ ᠪᠦᠬᠦᠢ ᠲᠠᠯ᠎ᠠ ᠶᠢᠨ ᠰᠠᠨᠠᠯ ᠢ ᠰᠣᠨᠣᠰᠴᠤ ᠪᠣᠯᠤᠨ᠎ᠠ᠃      ᠨᠠᠢᠮᠠᠳᠤᠭᠠᠷ ᠵᠦᠢᠯ ᠲᠤᠤᠷᠠᠬᠢ ᠪᠠᠶᠢᠳᠠᠯ ᠢ ᠨᠤᠤᠷᠠᠭᠯᠠᠨ ᠲᠤᠭᠤᠷᠪᠢᠬᠤ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠢᠴᠢᠭ ᠢᠶᠠᠷ ᠵᠦᠪᠰᠢᠶᠡᠷᠡᠬᠦᠯᠦᠭᠡᠳ᠂ ᠢᠯᠡ ᠪᠠᠷ ᠰᠠᠨᠠᠯ ᠬᠤᠷᠢᠶᠠᠬᠤ ᠦᠭᠡᠢ ᠪᠤᠶᠤ ᠰᠠᠨᠠᠯ ᠬᠤᠷᠢᠶᠠᠬᠤ ᠴᠠᠭ ᠬᠤᠭᠤᠴᠠᠭᠠᠨ ᠳᠤ ᠬᠢᠵᠠᠭᠠᠷᠯᠠᠭᠳᠠᠬᠤ ᠦᠭᠡᠢ᠄      ︵ᠨᠢᠭᠡ︶ ᠪᠠᠶᠢᠭᠠᠯᠢ ᠶᠢᠨ ᠭᠠᠶ ᠭᠠᠮᠰᠢᠭ᠂ ᠠᠳᠡᠯ ᠤᠨ ᠭᠠᠶ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠢ ᠰᠡᠷᠭᠡᠶᠢᠯᠡᠬᠦ᠂ ᠠᠷᠭᠠᠴᠠᠬᠤ ᠪᠠ ᠰᠢᠢᠳᠪᠦᠷᠢᠯᠡᠬᠦ ᠶᠢᠨ ᠲᠤᠰᠠᠳᠠ᠂      ︵ᠬᠤᠶᠠᠷ︶ ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠢᠯᠡ ᠪᠠᠷ ᠰᠠᠨᠠᠯ ᠬᠤᠷᠢᠶᠠᠬᠤ ᠨᠢ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠣᠷ ᠬᠥᠨᠥᠭᠡᠯ ᠤᠴᠠᠷᠠᠭᠤᠯᠵᠤ ᠮᠡᠳᠡᠬᠦ︔      ︵ᠭᠤᠷᠪᠠ︶ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ  ᠤ ᠵᠠᠷᠯᠢᠭ  ᠢᠶᠠᠷ  ᠲᠣᠭᠲᠠᠭᠠᠭᠰᠠᠨ  ᠪᠠᠶᠢᠪᠠᠯ᠂  ᠳᠠᠷᠦ᠋ᠢᠬᠠᠨ  ᠵᠢᠷᠤᠮᠵᠢᠯ  ᠤᠨ  ᠴᠢᠨᠠᠷᠲᠠᠶ  ᠪᠢᠴᠢᠭ  ᠮᠠᠲ᠋ᠧᠷᠢᠶᠠᠯ  ᠢ  ᠲᠣᠭᠲᠠᠭᠠᠬᠤ  ᠪᠠ  ᠬᠡᠷᠡᠭᠵᠢᠭᠦᠯᠬᠦ  ᠬᠡᠷᠡᠭᠲᠡᠶ︔      ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠠᠰ ᠲᠤ ᠪᠠᠨ ᠲᠣᠭᠲᠠᠭᠠᠯ ᠲᠠᠢ ᠪᠠᠶᠢᠪᠠᠯ᠃       ᠶᠢᠰᠦᠳᠦᠭᠡᠷ ᠵᠦᠢᠯ ᠲᠤᠭᠤᠷᠪᠢᠨ ᠪᠢᠴᠢᠬᠦ ᠨᠢᠭᠡᠴᠡ ᠠᠴᠠ ᠢᠯᠡ ᠪᠠᠷ ᠰᠠᠨᠠᠯ ᠬᠤᠷᠢᠶᠠᠵᠤ ᠨᠡᠪᠲᠡᠷᠡᠯᠴᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃       ᠲᠤᠭᠤᠷᠪᠢᠨ ᠪᠢᠴᠢᠬᠦ ᠨᠢᠭᠡᠴᠡ ᠠᠴᠠ ᠴᠤᠭᠯᠠᠭᠤᠯᠤᠭᠰᠠᠨ ᠰᠠᠨᠠᠯ ᠢᠶᠠᠨ ᠵᠠᠳᠠᠯᠤᠨ ᠰᠤᠳᠤᠯᠵᠤ᠂ ᠵᠦᠢ ᠵᠣᠬᠢᠰᠲᠠᠶ ᠰᠠᠨᠠᠯ ᠢ ᠬᠦᠯᠢᠶᠡᠨ ᠠᠪᠬᠤ ᠬᠡᠷᠡᠭᠲᠡᠶ᠃ ᠭᠥᠯᠢᠶᠡᠨ ᠠᠪᠤᠭᠰᠠᠨ ᠪᠠᠶᠢᠳᠠᠯ ᠢ ᠫᠤᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠵᠦ ᠪᠣᠯᠤᠨ᠎ᠠ᠂ ᠳ᠋ᠢᠶᠠᠩᠬᠤᠸᠠ᠂ ᠣᠬᠤᠷ ᠮᠡᠳᠡᠭᠡ᠂ ᠡᠯᠧᠺᠳ᠋ᠷᠣᠨ ᠰᠢᠤᠳᠠᠨ ᠤ ᠵᠦᠢᠯ᠂ ᠵᠠᠬᠢᠳᠠᠯ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠯᠪᠣᠭᠳᠠᠯ ᠪᠥᠬᠦᠶ ᠨᠢᠭᠡᠴᠢ ᠪᠤᠶᠤ ᠬᠤᠪᠢ ᠬᠥᠮᠦᠨ ᠳᠤ ᠬᠠᠷᠢᠭᠤ ᠲᠤᠰᠬᠠᠵᠤ ᠴᠤ ᠪᠣᠯᠤᠨ᠎ᠠ᠃ ᠨᠡᠯᠢᠶᠡᠳ ᠲᠥᠪᠯᠡᠷᠡᠭᠰᠡᠨ ᠰᠠᠨᠠᠯ ᠰᠠᠨᠠᠭᠤᠯᠭ᠎ᠠ ᠶᠢ ᠬᠡᠷᠡᠭᠯᠡᠬᠦ ᠦᠭᠡᠢ ᠪᠣᠯ᠂ ᠲᠣᠭᠤᠷᠪᠢᠬᠤ ᠲᠣᠳᠣᠷᠬᠠᠶᠢᠯᠠᠯ ᠳᠣᠲᠣᠷ᠎ᠠ ᠲᠣᠳᠣᠷᠬᠠᠶᠢᠯᠠᠬᠤ ᠬᠡᠷᠡᠭᠲᠡᠶ᠃      ᠠᠷᠪᠠᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠵᠥᠪᠯᠡᠭᠦᠯᠬᠦ ᠠᠴᠠ ᠡᠮᠦᠨ᠎ᠡ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠶ᠂ ᠬᠢᠨᠠᠨ ᠬᠠᠷᠭᠤᠭᠤᠯᠤᠭᠰᠠᠨ ᠦᠭᠡᠶ ᠪᠤᠶᠤ ᠬᠢᠨᠠᠨ ᠪᠠᠶᠢᠴᠠᠭᠠᠭᠰᠠᠨ ᠨᠢ ᠬᠠᠤᠯᠢ ᠳᠤ ᠨᠡᠶᠢᠴᠡᠬᠦ ᠦᠭᠡᠶ ᠪᠣᠯ ᠵᠠᠰᠠᠭ ᠤᠨ ᠣᠷᠳᠣᠨ ᠤ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠦᠭᠦᠳᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠵᠤ ᠪᠣᠯᠬᠤ ᠦᠭᠡᠶ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰ ᠰᠠᠯᠠᠭ᠎ᠠ ᠮᠥᠴᠢᠷ ᠤᠨ ᠢᠶᠠᠨ ᠠᠵᠢᠯᠯᠠᠬᠤ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠳᠡᠪᠰᠢᠭᠦᠯᠵᠦ ᠪᠣᠯᠬᠤ ᠦᠭᠡᠶ᠃      ᠰᠠᠨᠠᠯ ᠬᠤᠷᠢᠶᠠᠬᠤ᠂ ᠬᠠᠮᠲᠤᠷᠠᠨ ᠭᠠᠷ ᠤᠨ ᠦᠰᠦᠭ ᠵᠢᠷᠤᠬᠤ᠂ ᠬᠢᠨᠠᠨ ᠵᠥᠪᠯᠡᠬᠦ ᠳᠤ ᠣᠷᠣᠯᠴᠠᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠣᠷᠣᠯᠠᠭᠤᠯᠵᠤ ᠪᠣᠯᠬᠤ ᠦᠭᠡᠢ᠃      ᠠᠷᠪᠠᠨ ᠨᠢᠭᠡᠳᠦᠭᠡᠷ ᠵᠦᠢᠯ ᠲᠤᠰ ᠲᠦᠷᠢᠮ ᠲᠤᠰ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠳᠤ ᠬᠡᠷᠡᠭᠯᠡᠭᠳᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠠᠷᠪᠠᠨ ᠬᠤᠶᠠᠳᠤᠭᠠᠷ ᠵᠦᠢᠯ ᠣᠷᠣᠨ ᠤ ᠵᠠᠰᠠᠭ ᠤᠨ ᠣᠷᠳᠣᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠪᠣᠳᠠᠲᠠᠶ ᠡᠭᠦᠷᠭᠡᠯᠡᠬᠦ ᠰᠠᠯᠠᠭ᠎ᠠ ᠮᠥᠴᠢᠷ ᠪᠤᠶᠤ ᠪᠠᠶᠢᠭᠤᠯᠤᠮᠵᠢ ︵ᠳᠣᠷᠣᠭᠰᠢ ᠬᠢᠨᠠᠨ ᠪᠠᠶᠢᠴᠠᠭᠠᠬᠤ ᠪᠠᠶᠢᠭᠤᠯᠤᠮᠵᠢ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠲᠣᠳᠣᠷᠬᠠᠶᠢᠯᠠᠨ᠎ᠠ᠃      ᠲᠤᠭᠤᠷᠢᠭ ᠤᠨ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠪᠠᠶᠢᠭᠤᠯᠤᠮᠵᠢ ᠪᠣᠯ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠣᠯᠤᠨ᠎ᠠ᠂ ᠲᠣᠰ ᠱᠠᠲᠤᠨ ᠤ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠬᠤ ᠪᠠᠷ ᠪᠠᠶᠢᠭ᠎ᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠲᠣᠰ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠯᠠᠭ᠎ᠠ ᠮᠥᠴᠢᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠷᠢᠭᠤᠴᠠᠨ ᠬᠢᠨᠠᠨ ᠪᠠᠶᠢᠴᠠᠭᠠᠨ᠎ᠠ᠃      ᠠᠷᠪᠠᠨ ᠭᠤᠷᠪᠠᠳᠤᠭᠠᠷ ᠵᠦᠢᠯ ᠲᠤᠭᠤᠷᠪᠢᠨ ᠪᠢᠴᠢᠬᠦ ᠨᠢᠭᠡᠴᠡ ᠨᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠯᠭᠠᠬᠤ ᠪᠠᠷ ᠳᠡᠪᠰᠢᠭᠦᠯᠬᠦ ᠳᠤ᠂ ᠳᠣᠤᠷᠠᠬᠢ ᠮᠠᠲ᠋ᠧᠷᠢᠶᠠᠯ ᠢ ᠮᠡᠳᠡᠭᠦᠯᠦᠨ ᠬᠦᠷᠭᠡᠬᠦ ᠬᠡᠷᠡᠭᠲᠡᠶ᠄      ︵ᠨᠢᠭᠡ︶ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠯᠭᠡᠬᠦ ᠪᠠᠷ ᠳᠡᠪᠰᠢᠭᠦᠯᠬᠦ ᠵᠠᠬᠢᠳᠠᠯ ︵ᠭᠤᠶᠤᠴᠢᠯᠠᠬᠤ ᠵᠠᠬᠢᠳᠠᠯ ᠪᠠ ᠰᠢᠯᠵᠢᠭᠦᠯᠦᠨ ᠰᠢᠢᠳᠪᠦᠷᠢᠯᠡᠬᠦ ᠵᠠᠬᠢᠳᠠᠯ ᠪᠠᠭᠲᠠᠨ᠎ᠠ︶      ︵ᠬᠤᠶᠠᠷ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠭᠡᠵᠦ ᠪᠠᠶᠢᠭ᠎ᠠ ᠤᠳᠤᠷᠢᠳᠤᠯᠭ᠎ᠠ ᠶᠢᠨ ᠴᠣᠬᠤᠯᠠᠪᠤᠷᠢ᠂ ᠬᠤᠷᠠᠯ ᠤᠨ ᠲᠣᠪᠴᠢ ᠲᠡᠮᠳᠡᠭᠯᠡᠯ ᠵᠡᠷᠭᠡ᠃      ︵ᠭᠤᠷᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠬᠦᠷᠭᠡᠨ ᠬᠢᠨᠠᠭᠤᠯᠬᠤ ᠡᠬᠡ ᠪᠢᠴᠢᠭ︶      ︵ᠳᠥᠷᠪᠡ︶ ᠲᠤᠭᠤᠷᠪᠢᠭᠰᠠᠨ ᠲᠣᠳᠣᠷᠬᠠᠶᠢᠯᠠᠯᠲᠠ ︵ᠲᠣᠭᠲᠠᠭᠠᠭᠰᠠᠨ ᠠᠬᠤᠢ ᠪᠠᠶᠢᠳᠠᠯ᠂ ᠦᠨᠳᠦᠰᠦᠯᠡᠯ᠂ ᠲᠤᠭᠤᠷᠪᠢᠭᠰᠠᠨ ᠶᠠᠪᠤᠴᠠ᠂ ᠴᠢᠬᠤᠯᠠ ᠴᠢᠨᠠᠷ᠂ ᠪᠣᠯᠤᠮᠵᠢᠲᠤ ᠴᠢᠨᠠᠷ᠂ ᠵᠦᠢ ᠶᠣᠰᠣᠴᠢ ᠴᠢᠨᠠᠷ᠂ ᠰᠠᠨᠠᠯ ᠬᠤᠷᠢᠶᠠᠬᠤ᠂ ᠳᠣᠲᠣᠭᠠᠳᠤ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠵᠢᠴᠢ ᠬᠠᠮᠲᠤ ᠪᠠᠷ ᠶᠠᠷᠢᠯᠴᠠᠬᠤ ᠵᠡᠷᠭᠡ ᠪᠠᠶᠢᠳᠠᠯ ᠪᠠᠭᠲᠠᠨ᠎ᠠ︶      ︵ᠲᠠᠪᠤ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ︔      ︵ᠵᠢᠷᠭᠤᠭ᠎ᠠ︶ ᠣᠯᠠᠨ ᠲᠦᠮᠡᠨ᠂ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠡ ᠶᠢᠨ ᠪᠢᠴᠢᠭ ᠢᠶᠠᠷ ᠬᠠᠷᠢᠭᠤ ᠲᠤᠰᠬᠠᠭᠰᠠᠨ ᠰᠠᠨᠠᠯ ᠢ ᠬᠤᠷᠢᠶᠠᠨ᠎ᠠ᠃      ︵ᠳᠤᠯᠤᠭ᠎ᠠ︶ ᠰᠠᠨᠠᠯ ᠬᠤᠷᠢᠶᠠᠵᠤ ᠬᠡᠷᠡᠭᠯᠡᠭᠰᠡᠨ ᠪᠠᠶᠢᠳᠠᠯ ᠤᠨ ᠬᠤᠷᠢᠶᠠᠩᠭᠤᠶᠢᠯᠠᠨ ᠲᠣᠳᠣᠷᠬᠠᠶᠢᠯᠠᠬᠤ᠃      ︵ᠨᠠᠢᠮᠠ︶ ᠲᠤᠭᠤᠷᠪᠢᠨ ᠪᠢᠴᠢᠬᠦ ᠨᠢᠭᠡᠴᠡ ᠶᠢᠨ ᠬᠠᠤᠯᠢ ᠳᠦᠷᠢᠮ ᠤᠨ ᠪᠠᠶᠢᠭᠤᠯᠤᠮᠵᠢ ᠪᠤᠶᠤ ᠰᠠᠯᠠᠭ᠎ᠠ ᠲᠠᠰᠤᠭ ᠤᠨ ᠭᠠᠷᠭᠠᠭᠰᠠᠨ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠭᠰᠠᠨ ᠰᠠᠨᠠᠯ ︵ᠬᠢᠨᠠᠨ ᠬᠠᠷᠭᠤᠭᠤᠯᠤᠭᠴᠢ ᠭᠠᠷ ᠤᠨ ᠦᠰᠦᠭ ᠵᠢᠷᠤᠬᠤ ᠶᠢᠨ ᠬᠠᠮᠲᠤ ᠨᠢᠭᠡᠴᠡ ᠶᠢᠨ ᠲᠠᠮᠠᠭ᠎ᠠ ᠶᠢ ᠳᠠᠷᠤᠨ᠎ᠠ᠃︶      ︵ᠶᠢᠰᠦ︶ ᠬᠠᠮᠲᠤ ᠶᠢᠨ ᠶᠠᠷᠢᠯᠴᠠᠭᠠᠨ ᠤ ᠲᠡᠮᠳᠡᠭᠯᠡᠯ      ︵ᠠᠷᠪᠠ︶ ᠲᠣᠭᠲᠠᠭᠠᠯ ᠶᠣᠰᠣᠭᠠᠷ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠬᠦ ᠴᠢᠬᠤᠯᠠᠲᠠᠶ ᠪᠠᠶᠢᠪᠠᠯ᠂ ︽ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ︾ ︵ᠲᠥᠷᠥ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠵᠤᠷᠬ᠎ᠠ ᠶᠢ ᠡᠰᠡᠷᠭᠦᠴᠡᠬᠦ ᠲᠦᠷᠢᠮ ︹2021︺ 2 ᠳ᠋ᠤᠭᠠᠷ ᠲᠣᠭᠠᠲᠤ︶ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠪᠢᠴᠢᠭ ᠤᠨ ᠳ᠋ᠦᠩᠨᠡᠯᠲᠡ ᠶᠢ ᠲᠤᠰᠢᠶᠠᠬᠤ ᠪᠠᠷ ᠲᠣᠭᠲᠠᠭᠠᠵᠠᠢ︔      ︵ᠠᠷᠪᠠᠨ ᠨᠢᠭᠡ︶ ᠲᠣᠭᠲᠠᠭᠠᠯ ᠶᠣᠰᠣᠭᠠᠷ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠴᠢᠬᠤᠯᠠᠲᠠᠶ ᠪᠠᠶᠢᠪᠠᠯ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠤᠭᠰᠠᠨ ᠪᠠᠶᠢᠳᠠᠯ ᠤᠨ ᠪᠢᠴᠢᠭ ᠤᠨ ᠲᠡᠮᠳᠡᠭᠯᠡᠯ︔      ︵ᠠᠷᠪᠠᠨ ᠬᠤᠶᠠᠷ︶ ᠲᠣᠭᠲᠠᠭᠠᠯ ᠶᠣᠰᠣᠭᠠᠷ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠬᠤ ᠴᠢᠬᠤᠯᠠᠲᠠᠶ ᠪᠠᠶᠢᠪᠠᠯ᠂ ᠭᠡᠷᠡᠴᠢᠯᠡᠭᠡ ᠰᠣᠨᠣᠰᠤᠭᠰᠠᠨ ᠪᠠᠶᠢᠳᠠᠯ ᠤᠨ ᠪᠢᠴᠢᠭ ᠤᠨ ᠲᠡᠮᠳᠡᠭᠯᠡᠯ ᠢᠶᠠᠨ ᠲᠤᠰᠢᠶᠠᠬᠤ ᠬᠡᠷᠡᠭᠲᠡᠶ︔      ︵ᠠᠷᠪᠠᠨ ᠭᠤᠷᠪᠠ︶ ᠲᠣᠭᠲᠠᠭᠠᠯ ᠶᠣᠰᠣᠭᠠᠷ ᠬᠡᠷᠡᠭᠴᠡᠭᠡ ᠲᠠᠢ ᠰᠠᠯᠠᠭ᠎ᠠ ᠮᠥᠴᠢᠷ ᠤᠳ ᠬᠠᠮᠲᠤᠷᠠᠨ ᠭᠠᠷ ᠤᠨ ᠦᠰᠦᠭ ᠵᠢᠷᠤᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠭᠠᠷ ᠤᠨ ᠦᠰᠦᠭ ᠵᠢᠷᠤᠭᠰᠠᠨ ᠰᠠᠨᠠᠯ ᠢ ᠲᠤᠰᠢᠶᠠᠨ᠎ᠠ︔      ︵ᠠᠷᠪᠠᠨ ᠳᠥᠷᠪᠡᠳᠦᠭᠡᠷ︶ ᠪᠤᠰᠤᠳ ᠬᠡᠷᠡᠭᠰᠡᠬᠦ ᠮᠠᠲ᠋ᠧᠷᠢᠶᠠᠯ᠃      ᠲᠤᠭᠤᠷᠪᠢᠨ ᠪᠢᠴᠢᠬᠦ ᠨᠢᠭᠡᠴᠢ ᠶᠢᠨ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠲᠡᠭᠦᠨ ᠢ ᠲᠣᠭᠲᠠᠭᠰᠠᠨ ᠴᠠᠭ ᠤᠨ ᠳᠣᠲᠣᠷ᠎ᠠ ᠨᠥᠬᠦᠪᠥᠷᠢᠯᠡᠬᠦ ᠪᠠᠷ ᠱᠠᠭᠠᠷᠳᠠᠬᠤ ᠬᠡᠷᠡᠭᠲᠡᠢ᠃ ᠬᠢᠨᠠᠨ ᠪᠠᠶᠢᠴᠠᠭᠠᠬᠤ ᠪᠠᠶᠢᠭᠤᠯᠤᠮᠵᠢ ᠲᠤᠭᠤᠷᠪᠢᠨ ᠪᠢᠴᠢᠬᠦ ᠨᠢᠭᠡᠴᠡ ᠳᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠤ ᠬᠡᠷᠡᠭᠰᠡᠬᠦ ᠮᠠᠲ᠋ᠧᠷᠢᠶᠠᠯ ᠢ ᠲᠤᠰᠢᠶᠠᠬᠤ ᠶᠢ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠬᠢᠨᠠᠨ ᠪᠠᠶᠢᠴᠠᠭᠠᠬᠤ ᠪᠠᠶᠢᠭᠤᠯᠤᠮᠵᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠦᠷᠭᠡᠨ ᠬᠢᠨᠠᠭᠤᠯᠬᠤ ᠡᠬᠡ ᠪᠢᠴᠢᠭ ᠤᠨ ᠳᠣᠤᠷᠠᠬᠢ ᠠᠭᠤᠯᠭ᠎ᠠ ᠶᠢ ᠬᠢᠨᠠᠨ ᠬᠠᠷᠭᠤᠭᠤᠯᠬᠤ ᠬᠡᠷᠡᠭᠲᠡᠶ᠄      ︵ᠨᠢᠭᠡ︶ ᠲᠣᠭᠲᠠᠭᠠᠭᠰᠠᠨ ᠭᠤᠣᠯ ᠴᠣᠭᠴᠠ ᠨᠢ ᠬᠠᠤᠯᠢ ᠳᠤ ᠨᠡᠶᠢᠴᠡᠬᠦ ᠡᠰᠡᠬᠦ︔      ︵ᠬᠤᠶᠠᠷ︶ ᠲᠣᠭᠲᠠᠭᠠᠭᠰᠠᠨ ᠪᠠᠶᠢᠭᠤᠯᠭ᠎ᠠ ᠶᠢᠨ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠠᠴᠠ ᠳᠠᠪᠠᠭᠰᠠᠨ ᠡᠰᠡᠬᠦ ᠪᠤᠶᠤ ᠡᠷᠬᠡ ᠲᠤᠰᠢᠶᠠᠯ ᠤᠨ ᠲᠣᠭᠲᠠᠭᠠᠯ ᠠᠴᠠ ᠪᠠᠨ ᠳᠠᠪᠠᠭᠰᠠᠨ ᠪᠠᠶᠢᠲᠠᠯ᠎ᠠ ᠵᠠᠬ᠎ᠠ ᠳᠡᠯᠭᠡᠭᠦᠷ ᠢᠶᠠᠷ ᠲᠣᠬᠢᠷᠠᠭᠤᠯᠬᠤ᠂ ᠠᠵᠤ ᠠᠬᠤᠶᠢᠯᠠᠯ ᠪᠠ ᠨᠡᠶᠢᠭᠡᠮ ᠤᠨ ᠥᠪᠡᠷ ᠢ ᠪᠠᠨ ᠬᠠᠮᠢᠶᠠᠷᠬᠤ᠂ ᠠᠷᠠᠳ ᠢᠷᠭᠡᠳ ᠤᠨ ᠥᠪᠡᠷ ᠢ ᠪᠠᠨ ᠬᠠᠮᠢᠶᠠᠷᠬᠤ ᠵᠦᠢᠯ ᠤᠳ      ︵ᠭᠤᠷᠪᠠ︶ ᠠᠭᠤᠯᠭ᠎ᠠ ᠨᠢ ᠦᠨᠳᠦᠰᠦᠨ ᠬᠠᠤᠯᠢ ᠪᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠡᠰᠡᠬᠦ︔      ︵ᠲᠦᠷᠪᠡ︶ ᠠᠭᠤᠯᠭ᠎ᠠ ᠨᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠣᠭᠲᠠᠭᠠᠯ ᠳᠤ ᠨᠡᠶᠢᠴᠡᠬᠦ ᠡᠰᠡᠬᠦ︔      ︵ᠲᠠᠪᠤ︶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠢᠢᠳᠪᠦᠷᠢᠯᠡᠬᠦ ᠨᠥᠬᠦᠴᠡᠯ ᠢ ᠨᠡᠮᠡᠭᠳᠡᠭᠦᠯᠦᠭᠰᠡᠨ ᠡᠰᠡᠬᠦ᠂ ᠣᠷᠴᠢᠯ ᠭᠡᠷᠡᠴᠢᠯᠡᠯ᠂ ᠳᠠᠪᠬᠤᠷᠳᠠᠭᠤᠯᠤᠨ ᠭᠡᠷᠡᠴᠢᠯᠡᠬᠦ᠂ ᠬᠡᠷᠡᠭ ᠦᠭᠡᠢ ᠭᠡᠷᠡᠴᠢ ᠭᠠᠷᠭᠠᠬᠤ ᠵᠡᠷᠭᠡ ᠠᠭᠤᠯᠭ᠎ᠠ ᠶᠢ ᠲᠣᠭᠲᠠᠭᠠᠭᠰᠠᠨ ᠡᠰᠡᠬᠦ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠦᠭᠰᠡᠨ ᠪᠠᠶᠢᠳᠠᠯ ᠪᠠᠶᠢᠬᠤ ᠡᠰᠡᠬᠦ᠃      ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠲᠤᠰ ᠰᠠᠯᠠᠭ᠎ᠠ ᠮᠥᠴᠢᠷ ᠤᠨ ᠡᠷᠬᠡ ᠶᠢ ᠨᠡᠮᠡᠭᠳᠡᠭᠦᠯᠬᠦ ᠪᠤᠶᠤ ᠲᠤᠰ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠪᠠᠭᠠᠰᠬᠠᠬᠤ ᠪᠠᠶᠢᠳᠠᠯ ᠪᠠᠶᠢᠬᠤ ᠡᠰᠡᠬᠦ︔      ︵ᠨᠠᠢᠮᠠ︶ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠢᠶᠠᠨ ᠬᠡᠷᠡᠭᠯᠡᠵᠦ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠥᠯᠳᠦᠭᠡᠨ ᠢ ᠬᠠᠷᠰᠢᠯᠠᠬᠤ ᠲᠣᠭᠲᠠᠭᠠᠯ ᠪᠠᠶᠢᠬᠤ ᠡᠰᠡᠬᠦ᠃      ︵ᠶᠢᠰᠦ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠳᠡᠰ ᠳᠠᠷᠠᠭᠠᠯᠠᠯ ᠠᠴᠠ ᠵᠥᠷᠢᠴᠡᠭᠰᠡᠨ ᠡᠰᠡᠬᠦ᠃      ︵ᠠᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠬᠤ ᠴᠢᠬᠤᠯᠠᠲᠠᠢ ᠪᠤᠰᠤᠳ ᠵᠦᠢᠯ ᠤᠳ᠃      ᠠᠷᠪᠠᠨ ᠲᠠᠪᠤᠳᠤᠭᠠᠷ ᠵᠦᠢᠯ ᠭᠡᠨᠡᠳᠲᠡ ᠡᠭᠦᠰᠬᠦ ᠬᠡᠷᠡᠭ ᠢ ᠰᠡᠷᠭᠡᠶᠢᠯᠡᠬᠦ᠂ ᠠᠷᠭᠠᠴᠠᠬᠤ ᠪᠠ ᠰᠢᠶ᠋ᠳᠪᠦᠷᠢᠯᠡᠬᠦ ᠶᠢᠨ ᠲᠤᠰᠠᠳᠠ᠂ ᠡᠰᠡᠬᠦᠯ᠎ᠡ ᠳᠡᠭᠡᠳᠦ ᠱᠠᠲᠤᠨ ᠤ ᠪᠠᠶᠢᠭᠤᠯᠤᠯᠭ᠎ᠠ ᠶᠢᠨ ᠪᠠᠴᠢᠮ ᠵᠠᠷᠯᠢᠭ ᠪᠣᠯᠤᠨ ᠲᠣᠭᠲᠠᠭᠠᠯ ᠢ ᠬᠡᠷᠡᠭᠵᠢᠭᠦᠯᠬᠦ ᠳᠡᠭᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠦ᠋ᠢᠬᠠᠨ ᠲᠣᠭᠲᠠᠭᠠᠬᠤ ᠴᠢᠬᠤᠯᠠ ᠲᠠᠢ ᠪᠠᠶᠢᠳᠠᠯ ᠢ ᠭᠠᠷᠭᠠᠪᠠᠯ᠂ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠬᠤ ᠴᠠᠭ ᠢ ᠡᠩ ᠤᠨ ᠪᠠᠶᠢᠳᠠᠯ ᠳᠣᠤᠷ᠎ᠠ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠬᠢᠨᠠᠨ ᠬᠠᠷᠭᠤᠭᠤᠯᠬᠤ ᠴᠠᠭ ᠬᠤᠭᠤᠴᠠᠭ᠎ᠠ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠪᠦᠬᠦ ᠮᠠᠲ᠋ᠧᠷᠢᠶᠠᠯ ᠢ ᠭᠠᠷᠳᠠᠭᠰᠠᠨ ᠡᠳᠦᠷ ᠠᠴᠠ ᠡᠬᠢᠯᠡᠵᠦ ᠪᠣᠳᠣᠨ᠎ᠠ᠃      ᠡᠯ᠎ᠡ ᠨᠢᠭᠡᠴᠡ ᠴᠠᠭ ᠲᠤᠬᠠᠶ ᠳᠤᠨᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠴᠠᠭ ᠢ ᠪᠠᠲᠤᠯᠠᠬᠤ ᠬᠡᠷᠡᠭᠲᠡᠶ᠃ ᠲᠤᠭᠤᠷᠪᠢᠨ ᠪᠢᠴᠢᠬᠦ ᠨᠢᠭᠡᠴᠡ ᠨᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠨᠥᠬᠦᠪᠦᠷᠢᠯᠡᠵᠦ᠂ ᠪᠠᠶᠢᠳᠠᠯ ᠢᠶᠠᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠬᠤ ᠴᠠᠭ ᠬᠤᠭᠤᠴᠠᠭ᠎ᠠ ᠳᠤ ᠪᠤᠳᠤᠵᠤ ᠣᠷᠣᠭᠤᠯᠬᠤ ᠦᠭᠡᠢ᠃      ᠠᠷᠪᠠᠨ ᠵᠢᠷᠭᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠤᠮᠵᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠤᠰᠬᠠᠶ ᠮᠡᠷᠭᠡᠵᠢᠯᠲᠡᠨ ᠬᠠᠮᠵᠢᠯᠴᠠᠵᠤ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠪᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠦᠢᠯᠡᠳᠦᠯ ᠢ ᠪᠠᠳᠠᠷᠠᠭᠤᠯᠤᠨ᠎ᠠ᠃      ᠬᠢᠨᠠᠨ ᠪᠠᠶᠢᠴᠠᠭᠠᠬᠤ ᠪᠠᠶᠢᠭᠤᠯᠤᠮᠵᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠤ᠂ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠪᠢᠴᠢᠭ ᠤᠨ ᠠᠷᠭ᠎ᠠ ᠮᠠᠶ᠋ᠢᠭ ᠢᠶᠠᠷ ᠬᠢᠨᠠᠨ ᠪᠠᠶᠢᠴᠠᠭᠠᠬᠤ ᠪᠤᠶᠤ ᠶᠠᠷᠢᠯᠴᠠᠬᠤ ᠬᠤᠷᠠᠯ᠂ ᠵᠣᠬᠢᠴᠠᠭᠤᠯᠬᠤ ᠬᠤᠷᠠᠯ ᠬᠤᠷᠠᠯᠳᠤᠭᠤᠯᠬᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠤᠲᠠᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠬᠢᠨᠠᠨ ᠪᠠᠶᠢᠴᠠᠭᠠᠵᠤ ᠪᠣᠯᠤᠨ᠎ᠠ᠃      ᠠᠷᠪᠠᠨ ᠳᠣᠯᠣᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠤᠮᠵᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠠᠪᠤᠴᠠ ᠳᠤ᠂ ᠲᠤᠭᠤᠷᠪᠢᠨ ᠪᠢᠴᠢᠬᠦ ᠨᠢᠭᠡᠴᠡ ᠶᠢ ᠪᠠᠶᠢᠳᠠᠯ ᠢᠶᠠᠨ ᠨᠥᠬᠦᠪᠥᠷᠢᠯᠡᠨ ᠲᠣᠳᠣᠷᠬᠠᠶᠢᠯᠠᠬᠤ ᠪᠤᠶᠤ ᠬᠤᠯᠪᠣᠭᠳᠠᠯ ᠪᠦᠬᠦᠢ ᠨᠢᠭᠡᠴᠡ ᠶᠢ ᠱᠠᠭᠠᠷᠳᠠᠨ ᠬᠠᠮᠵᠢᠯᠴᠠᠵᠤ ᠬᠢᠨᠠᠨ ᠪᠠᠶᠢᠴᠠᠭᠠᠯᠭᠠᠵᠤ ᠪᠣᠯᠤᠨ᠎ᠠ᠂ ᠲᠤᠭᠤᠷᠪᠢᠨ ᠪᠢᠴᠢᠬᠦ ᠨᠢᠭᠡᠴᠡ ᠪᠤᠶᠤ ᠬᠤᠯᠪᠣᠭᠳᠠᠯ ᠪᠦᠬᠦᠢ ᠨᠢᠭᠡᠴᠡ ᠬᠠᠮᠵᠢᠯᠴᠠᠬᠤ ᠬᠡᠷᠡᠭᠲᠡᠶ ᠭᠡᠵᠦ ᠱᠠᠭᠠᠷᠳᠠᠵᠤ ᠪᠣᠯᠤᠨ᠎ᠠ᠃      ᠬᠢᠨᠡᠨ ᠪᠠᠶᠢᠴᠠᠭᠠᠬᠤ ᠲᠤᠮᠳᠠ ᠤᠯᠵᠤ ᠮᠡᠳᠡᠭᠰᠡᠨ ᠠᠰᠠᠭᠤᠳᠠᠯ ᠢ ᠬᠢᠨᠡᠨ ᠪᠠᠶᠢᠴᠠᠭᠠᠬᠤ ᠪᠠᠶᠢᠭᠤᠯᠤᠮᠵᠢ ᠨᠢ ᠲᠤᠤᠷᠠᠬᠢ ᠲᠤᠭᠳᠠᠭᠠᠯ ᠢᠶᠠᠷ ᠰᠢᠢᠳᠪᠦᠷᠢᠯᠡᠨ᠎ᠡ᠄      ︵ᠨᠢᠭᠡ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠢᠰᠢ ᠪᠣᠯ ᠲᠤᠭᠤᠷᠪᠢᠨ ᠪᠢᠴᠢᠬᠦ ᠰᠠᠯᠠᠭ᠎ᠠ ᠮᠥᠴᠢᠷ ᠲᠤ ᠪᠤᠴᠠᠭᠠᠨ ᠥᠭᠴᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠦᠭᠡᠶ᠃      ︵ᠬᠤᠶᠠᠷ︶ ᠲᠣᠭᠲᠠᠭᠠᠬᠤ ᠭᠤᠤᠯ ᠴᠣᠭᠴᠠ ᠨᠢ ᠬᠠᠤᠯᠢ ᠳᠤ ᠨᠡᠶᠢᠴᠡᠬᠦ ᠦᠭᠡᠶ᠂ ᠲᠣᠭᠲᠠᠭᠠᠬᠤ ᠪᠠᠶᠢᠭᠤᠯᠤᠯᠭ᠎ᠠ ᠶᠢᠨ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠠᠴᠠ ᠪᠠᠨ ᠬᠡᠲᠦᠷᠡᠭᠰᠡᠨ᠂ ᠡᠰᠡᠬᠦᠯ᠎ᠡ ᠭᠤᠤᠯ ᠠᠭᠤᠯᠭ᠎ᠠ ᠨᠢ ᠬᠠᠤᠯᠢ ᠳᠤ ᠨᠡᠶᠢᠴᠡᠬᠦ ᠦᠭᠡᠶ ᠪᠣᠯ ᠲᠤᠰ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠦᠭᠡᠶ ᠭᠡᠰᠡᠨ ᠰᠠᠨᠠᠯ ᠳᠤᠷᠠᠳᠤᠨ᠎ᠠ︔      ︵ᠭᠤᠷᠪᠠ︶ ᠢᠯᠡ ᠪᠠᠷ ᠰᠠᠨᠠᠯ ᠬᠤᠷᠢᠶᠠᠬᠤ ᠬᠡᠷᠡᠭᠲᠡᠢ᠂ ᠬᠠᠷᠠᠬᠠᠨ ᠬᠤᠷᠢᠶᠠᠭᠠᠳᠤᠢ ᠪᠣᠯ᠂ ᠲᠣᠭᠤᠷᠪᠢᠬᠤ ᠰᠠᠯᠠᠭ᠎ᠠ ᠮᠥᠴᠢᠷ ᠲᠤ ᠪᠤᠴᠠᠭᠠᠵᠤ ᠨᠥᠬᠦᠨ ᠵᠠᠯᠠᠷᠠᠭᠤᠯᠬᠤ ᠵᠢᠷᠤᠮ ᠢ ᠨᠢ ᠪᠤᠴᠠᠭᠠᠵᠤ ᠥᠭᠬᠦ ᠬᠡᠷᠡᠭᠲᠡᠢ︔      ︵ᠲᠦᠷᠪᠡ︶ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠤᠭ᠎ᠠ ᠦᠭᠡᠢ ᠪᠣᠯ᠂ ᠲᠣᠭᠤᠷᠪᠢᠬᠤ ᠰᠠᠯᠠᠭ᠎ᠠ ᠮᠥᠴᠢᠷ ᠲᠤ ᠨᠢ ᠪᠤᠴᠠᠭᠠᠵᠤ ᠨᠥᠬᠦᠪᠥᠷᠢᠯᠡᠨ ᠵᠠᠯᠠᠷᠠᠭᠤᠯᠬᠤ ᠬᠡᠷᠡᠭᠲᠡᠶ᠃      ︵ᠲᠠᠪᠤ︶ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠵᠤ ᠬᠠᠷᠠᠬᠠᠨ ᠭᠡᠷᠡᠴᠢᠯᠡᠭᠡ ᠰᠣᠨᠣᠰᠤᠭᠠᠳᠤᠶ ᠪᠠᠶᠢᠪᠠᠯ᠂ ᠲᠣᠭᠤᠷᠪᠢᠬᠤ ᠰᠠᠯᠠᠭ᠎ᠠ ᠮᠥᠴᠢᠷ ᠲᠤ ᠪᠤᠴᠠᠭᠠᠵᠤ ᠲᠠᠰ ᠳᠠᠷᠠᠭᠠᠯᠠᠯ ᠢ ᠨᠥᠬᠦᠪᠥᠷᠢᠯᠡᠨ ᠵᠠᠯᠠᠷᠠᠭᠤᠯᠬᠤ ᠬᠡᠷᠡᠭᠲᠡᠶ︔      ︵ᠵᠢᠷᠭᠤᠭ᠎ᠠ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠡᠳ᠋ᠬᠠᠷᠠᠬᠠᠨ ᠬᠢᠨᠠᠨ ᠪᠠᠶᠢᠴᠠᠭᠠᠯᠲᠠ ᠬᠢᠭᠡᠳᠦᠢ ᠪᠣᠯ᠂ ᠲᠣᠭᠤᠷᠪᠢᠬᠤ ᠰᠠᠯᠠᠭ᠎ᠠ ᠮᠥᠴᠢᠷ ᠲᠤ ᠪᠤᠴᠠᠭᠠᠵᠤ ᠨᠥᠬᠦᠨ ᠵᠠᠯᠠᠷᠠᠭᠤᠯᠬᠤ ᠶᠠᠪᠤᠴᠠ ᠶᠢ ᠨᠦᠬᠦᠪᠦᠷᠢᠯᠡᠨ ᠪᠤᠴᠠᠭᠠᠬᠤ ᠬᠡᠷᠡᠭᠲᠡᠢ︔      ︵ᠳᠤᠯᠤᠭ᠎ᠠ︶ ᠰᠠᠯᠠᠭ᠎ᠠ ᠮᠦᠴᠢᠷ ᠠᠴᠠ ᠬᠠᠮᠳᠤᠷᠠᠨ ᠭᠠᠷ ᠤᠨ ᠦᠰᠦᠭ ᠵᠢᠷᠤᠬᠤ ᠠᠴᠠ ᠡᠮᠦᠨ᠎ᠡ ᠭᠠᠷ ᠤᠨ ᠦᠰᠦᠭ ᠵᠢᠷᠤᠭᠰᠠᠨ ᠦᠭᠡᠢ ᠪᠠᠶᠢᠪᠠᠯ᠂ ᠨᠤᠤᠷᠬᠠᠯᠠᠬᠰᠠᠨ ᠰᠠᠯᠠᠭ᠎ᠠ ᠮᠦᠴᠢᠷ ᠲᠤ ᠪᠤᠴᠠᠭᠠᠵᠤ ᠲᠠᠰ ᠳᠠᠷᠠᠭᠠᠯᠠᠯ ᠢ ᠨᠦᠬᠦᠪᠦᠷᠢᠯᠡᠨ ᠵᠠᠯᠠᠷᠠᠭᠤᠯᠤᠨ᠎ᠠ᠃      ︵ᠨᠠᠢᠮᠠ︶ ᠪᠣᠳᠠᠲᠠᠶ ᠲᠣᠭᠲᠠᠭᠠᠯ ᠨᠢ ᠬᠠᠤᠯᠢ ᠳᠤ ᠨᠡᠶᠢᠴᠡᠬᠦ ᠦᠭᠡᠶ ᠪᠣᠯ ᠵᠣᠬᠢᠴᠠᠩᠭᠤᠶ ᠵᠠᠰᠠᠪᠤᠷᠢ ᠣᠷᠣᠭᠤᠯᠬᠤ ᠰᠠᠨᠠᠯ ᠳᠤᠷᠠᠳᠤᠨ᠎ᠠ᠃      ᠠᠷᠪᠠᠨ ᠨᠠᠶ᠋ᠮᠠᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠭᠰᠠᠨ ᠤ ᠳᠠᠷᠠᠭ᠎ᠠ᠂ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠠᠳᠠᠯᠢ ᠪᠤᠰᠤ ᠪᠠᠶᠢᠳᠠᠯ ᠢ ᠦᠨᠳᠦᠰᠦᠯᠡᠨ ᠬᠠᠤᠯᠢ ᠳᠤ ᠨᠡᠶᠢᠴᠡᠬᠦ᠂ ᠬᠠᠤᠯᠢ ᠳᠤ ᠨᠡᠶᠢᠴᠡᠬᠦ ᠦᠭᠡᠶ᠂ ᠵᠠᠰᠠᠪᠤᠷᠢ ᠣᠷᠣᠭᠤᠯᠬᠤ ᠪᠢᠴᠢᠭ ᠤᠨ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠬᠤ ᠬᠡᠷᠡᠭᠲᠡᠶ᠃      ᠠᠷᠪᠠ ᠶᠢᠰᠦᠳᠦᠭᠡᠷ ᠵᠦᠢᠯ ᠲᠤᠭᠤᠷᠪᠢᠨ ᠪᠢᠴᠢᠬᠦ ᠨᠢᠭᠡᠴᠡ ᠨᠢ ᠬᠢᠨᠠᠨ ᠬᠠᠷᠭᠤᠭᠤᠯᠬᠤ ᠪᠠᠶᠢᠭᠤᠯᠤᠮᠵᠢ ᠶᠢᠨ ᠭᠠᠷᠭᠠᠭᠰᠠᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠳᠤ ᠰᠤᠳᠤᠯᠤᠯᠲᠠ ᠬᠢᠵᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠦᠨᠳᠦᠰᠦᠯᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠴᠢᠬᠤᠯᠠ ᠪᠦᠬᠦᠢ ᠵᠠᠰᠠᠪᠤᠷᠢ ᠣᠷᠣᠭᠤᠯᠬᠤ ᠪᠤᠶᠤ ᠨᠥᠬᠦᠪᠥᠷᠢᠯᠡᠬᠦ ᠬᠡᠷᠡᠭᠲᠡᠶ︔ ᠲᠤᠭᠤᠷᠪᠢᠨ ᠪᠢᠴᠢᠬᠦ ᠨᠢᠭᠡᠴᠢ ᠨᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠳᠤᠷᠠᠳᠤᠭᠰᠠᠨ ᠪᠣᠳᠠᠲᠠᠶ ᠬᠢᠨᠠᠨ ᠪᠠᠶᠢᠴᠠᠭᠠᠭᠰᠠᠨ ᠰᠠᠨᠠᠯ ᠢ ᠪᠦᠷᠢᠮᠦᠰᠦᠨ ᠬᠦᠯᠢᠶᠡᠨ ᠠᠪᠤᠭᠰᠠᠨ ᠦᠭᠡᠢ ᠪᠣᠯ᠂ ᠴᠠᠭ ᠲᠤᠬᠠᠶ ᠳᠤᠨᠢ ᠬᠢᠨᠠᠨ ᠪᠠᠶᠢᠴᠠᠭᠠᠬᠤ ᠪᠠᠶᠢᠭᠤᠯᠤᠮᠵᠢ ᠲᠠᠢ ᠨᠡᠪᠲᠡᠷᠡᠯᠴᠡᠬᠦ ᠬᠡᠷᠡᠭᠲᠡᠶ︔ ᠬᠤᠶᠠᠷ ᠲᠠᠯ᠎ᠠ ᠶᠢᠨ ᠰᠠᠨᠠᠯ ᠨᠢᠭᠡᠳᠦᠯ ᠦᠭᠡᠢ ᠪᠣᠯ᠂ ᠲᠤᠭᠤᠷᠪᠢᠨ ᠲᠣᠭᠲᠠᠭᠠᠬᠤ ᠨᠢᠭᠡᠴᠡ ᠨᠢ ᠲᠣᠭᠲᠠᠭᠠᠬᠤ ᠪᠠᠶᠢᠭᠤᠯᠭ᠎ᠠ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠦᠶ᠎ᠡ  ᠳᠤ  ᠤᠴᠢᠷ ᠰᠢᠯᠲᠠᠭᠠᠨ ᠪᠠ ᠦᠨᠳᠦᠰᠦ ᠪᠠᠷᠢᠮᠲᠠ ᠪᠠᠨ ᠨᠠᠷᠢᠨ ᠲᠣᠳᠣᠷᠬᠠᠶᠢᠯᠠᠵᠤ᠂  ᠲᠣᠭᠲᠠᠭᠠᠬᠤ  ᠪᠠᠶᠢᠭᠤᠯᠭ᠎ᠠ  ᠠᠴᠠ  ᠲᠣᠭᠲᠠᠭᠠᠬᠤ  ᠬᠡᠷᠡᠭᠲᠡᠶ᠃      ᠲᠣᠭᠲᠠᠭᠠᠬᠤ ᠪᠠᠶᠢᠭᠤᠯᠭ᠎ᠠ ᠨᠢ ᠬᠦᠯᠢᠶᠡᠨ ᠠᠪᠤᠭᠰᠠᠨ ᠦᠭᠡᠢ ᠪᠤᠶᠤ ᠪᠦᠷᠢᠮᠦᠰᠦᠨ ᠬᠦᠯᠢᠶᠡᠨ ᠠᠪᠤᠭᠰᠠᠨ ᠦᠭᠡᠢ ᠪᠠᠶᠢᠪᠠᠯ᠂ ᠲᠣᠭᠤᠷᠪᠢᠬᠤ ᠰᠠᠯᠠᠭ᠎ᠠ ᠮᠥᠴᠢᠷ ᠨᠢ ᠪᠠᠶᠢᠳᠠᠯ ᠤᠨ ᠲᠣᠳᠣᠷᠬᠠᠶᠢᠯᠠᠯ ᠭᠠᠷᠭᠠᠬᠤ ᠶᠢᠨ ᠬᠠᠮᠲᠤ ᠲᠠᠮᠠᠭ᠎ᠠ ᠳᠠᠷᠤᠭᠰᠠᠨ ᠤ ᠳᠠᠷᠠᠭ᠎ᠠ ᠬᠢᠨᠠᠨ ᠪᠠᠶᠢᠴᠠᠭᠠᠬᠤ ᠪᠠᠶᠢᠭᠤᠯᠤᠮᠵᠢ ᠳᠤ ᠬᠠᠷᠢᠭᠤ ᠲᠤᠰᠬᠠᠬᠤ ᠬᠡᠷᠡᠭᠲᠡᠶ᠃      ᠬᠤᠷᠢᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ᠂ ᠲᠤᠭᠤᠷᠪᠢᠨ ᠪᠢᠴᠢᠬᠦ ᠨᠢᠭᠡᠴᠡ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ ᠪᠠᠨ ᠴᠢᠩᠭᠠᠳᠬᠠᠵᠤ᠂ ᠴᠠᠭ ᠲᠤᠬᠠᠶ ᠳᠤᠨᠢ ᠰᠤᠳᠤᠯᠤᠨ ᠮᠠᠭᠠᠳᠯᠠᠵᠤ ᠰᠢᠢᠳᠪᠦᠷᠢᠯᠡᠨ᠂ ᠠᠩᠬᠠᠷᠴᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠠᠭᠤᠴᠢᠯᠠᠭᠤᠷ ᠤᠨ ᠰᠤᠷᠪᠤᠯᠵᠢᠯᠠᠭ᠎ᠠ᠂ ᠲᠤᠰᠬᠠᠶ ᠮᠡᠷᠭᠡᠵᠢᠯᠲᠡᠨ ᠤ ᠲᠠᠶᠢᠯᠤᠮᠵᠢ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠶᠢᠯᠪᠤᠷᠢᠯᠠᠨ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠵᠡᠷᠭᠡ ᠶᠢ ᠠᠰᠢᠭᠯᠠᠨ ᠣᠯᠠᠨ ᠨᠡᠶᠢᠲᠡ ᠯᠦᠭᠡ ᠶᠢᠨ ᠰᠣᠯᠢᠯᠴᠠᠭ᠎ᠠ ᠪᠠ ᠦᠢᠯᠡᠳᠦᠯᠴᠡᠯ ᠢᠶᠠᠨ ᠴᠢᠩᠭᠠᠳᠬᠠᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠭᠤᠷᠪᠢᠨ ᠪᠢᠴᠢᠬᠦ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号