ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠶᠡᠬᠡᠪᠡᠷ | ᠠᠬᠢᠭᠤᠯᠬᠤ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 2 ᠰᠠᠷ᠎ᠠ ᠶᠢᠨ 28 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | ᠦᠬᠠᠢ ᠬᠤᠳᠠ ᠶᠢᠨ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠶᠡᠬᠡᠪᠡᠷ | ᠠᠬᠢᠭᠤᠯᠬᠤ ᠬᠡᠷᠡᠭᠵᠢᠭᠦᠯᠬᠦ ᠲᠥᠰᠦᠯ | ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ | ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠣᠶᠣᠯ᠂ ᠵᠢᠭᠤᠯᠴᠢᠯᠠᠯ ᠬᠢᠭᠡᠳ ᠬᠥᠳᠡᠭᠡ ᠠᠵᠤ ᠠᠬᠤᠶ ᠬᠥᠳᠡᠭᠡ ᠲᠣᠰᠬᠤᠨ ᠤ ᠭᠦᠨᠵᠡᠭᠡᠶ | ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠵᠢᠱᠢᠶ᠎ᠡ ᠦᠵᠡᠭᠦᠯᠬᠦ ᠬᠡᠰᠡᠭ ᠣᠷᠣᠨ ᠢ ᠴᠣᠭᠴᠠᠯᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠴᠢᠨᠠᠷ ᠰᠠᠶᠢᠲᠠᠶ ᠠᠬᠢᠭᠤᠯᠬᠤ ᠶᠢᠨ ᠲᠥᠯᠥᠭᠡ᠂ ᠣᠨᠴᠠᠭᠠᠶᠢᠯᠠᠨ ᠲᠣᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ | ᠬᠤᠷᠢᠶ᠎ᠠ ᠶᠢᠨ ︽ᠨᠢᠭᠡ ᠭᠤᠣᠯ ᠱᠤᠭᠤᠮ ᠢ ᠲᠤᠤᠱᠯᠠᠭᠤᠯᠬᠤ᠂ ᠨᠢᠭᠡ ᠵᠢᠷᠤᠮᠯᠠᠯ ᠢ ᠪᠠᠷᠢᠮᠲᠠᠯᠠᠬᠤ᠂ ᠨᠢᠭᠡ ᠰᠢᠨ᠎ᠡ | ᠵᠠᠮ ᠢᠶᠠᠷ ᠰᠠᠶᠢᠲᠤᠷ ᠵᠠᠮᠨᠠᠬᠤ᠂ ᠬᠤᠶᠠᠷ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ︿ᠭᠤᠷᠪᠠᠨ ᠴᠢᠨᠠᠷ ᠰᠠᠶᠢᠳᠠᠢ﹀ | ᠬᠠᠷᠠᠯᠲᠠ ᠶᠢ ᠪᠡᠶᠡᠯᠡᠭᠦᠯᠬᠦ︾ ᠶᠡᠷᠦᠩᠬᠡᠢ ᠬᠥᠭᠵᠢᠯᠲᠡ ᠶᠢᠨ ᠰᠡᠳᠬᠢᠴᠡ ᠶᠣᠰᠣᠭᠠᠷ᠂ ᠬᠥᠳᠡᠭᠡ ᠠᠵᠤ ᠠᠬᠤᠢ ᠶᠢᠨ | ᠰᠠᠭᠤᠷᠢ ᠶᠢ ᠪᠠᠲᠤᠳᠬᠠᠬᠤ᠂ ᠰᠣᠶᠣᠯ ᠢᠶᠠᠷ ᠡᠨᠧᠷᠭᠢ ᠣᠯᠭᠤᠬᠤ᠂ ᠵᠤᠭᠠᠴᠠᠯ ᠢᠶᠠᠷ ᠴᠢᠨᠡᠭᠡᠯᠢᠭᠵᠢᠭᠦᠯᠬᠦ ᠶᠢ | ᠠᠬᠢᠭᠤᠯᠬᠤ ᠶᠢᠨ ᠲᠣᠭᠤᠷᠢᠨ ᠳᠤ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠶᠢ ᠠᠬᠢᠭᠤᠯᠵᠤ᠂ | ᠦᠬᠠᠢ ᠶᠢᠨ ᠬᠡᠪ ᠨᠠᠮᠪᠠ ᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯᠣᠨ ᠴᠢᠨᠠᠷ ᠰᠠᠶᠢᠲᠠᠢ | ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠮᠠᠨ ᠤ ᠬᠤᠳᠠ ᠳᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ | ︽ᠭᠤᠷᠪᠠᠨ ᠥᠨᠳᠥᠷ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ︵ᠬᠤᠶᠠᠷ︶ ᠶᠡᠷᠦᠩᠬᠡᠶ ᠬᠠᠷᠠᠯᠲᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ | ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠤᠲᠠ᠂ ᠲᠣᠭᠤᠷᠢᠭ᠂ | ᠪᠠᠯᠭᠠᠰᠤ᠂ ᠲᠣᠰᠬᠤᠨ ᠳᠥᠷᠪᠡᠨ ᠱᠠᠲᠤ ᠬᠤᠯᠪᠣᠭᠠᠯᠠᠨ ᠬᠥᠳᠡᠯᠦᠯᠴᠡᠬᠦ᠂ ᠲᠠᠷᠢᠶᠠᠯᠠᠩ ᠮᠠᠯ ᠠᠵᠤ ᠠᠬᠤᠶ᠂ ᠰᠣᠶᠣᠯ | ᠵᠢᠭᠤᠯᠴᠢᠯᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠨ ᠬᠠᠮᠵᠢᠯᠴᠠᠵᠤ᠂ ᠲᠠᠷᠢᠶᠠᠯᠠᠩ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ | ᠳᠦᠷᠰᠦ ᠪᠠᠶᠢᠳᠠᠯ᠂ ᠬᠥᠳᠡᠭᠡ ᠲᠣᠰᠬᠤᠨ ᠤ ᠥᠩᠭᠡ ᠦᠵᠡᠮᠵᠢ᠂ ᠣᠲᠣ ᠦᠶ᠎ᠡ ᠶᠢᠨ ᠲᠠᠷᠢᠶᠠᠯᠠᠩ᠂ ᠬᠥᠳᠡᠯᠭᠡᠭᠡᠨ | ᠡᠷᠡᠭᠦᠯ ᠮᠡᠨᠳᠦ᠂ ᠰᠡᠯᠡᠭᠦᠴᠡᠯ ᠵᠤᠭ᠎ᠠ ᠴᠡᠩᠭᠡᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠨᠢᠭᠡ | ᠴᠣᠠᠠᠴᠠᠵᠢᠭᠤᠯᠥᠠᠠᠰᠠᠨ ᠵᠢᠪᠦᠯᠲᠦ ᠮᠠᠶ᠋ᠢᠭ ᠤᠨ ᠵᠢᠱᠢᠶ᠎ᠡ ᠦᠵᠡᠭᠦᠯᠬᠦ ᠬᠡᠰᠡᠭ ᠣᠷᠣᠨ ᠢ ᠪᠣᠶ ᠪᠣᠯᠭᠠᠨ᠎ᠠ᠃ ᠬᠠᠶᠢᠷᠤᠪ ᠤᠨ | ᠲᠣᠬᠤᠢ᠂ ᠤᠳᠠ 2 ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠲᠠᠷᠢᠶᠠᠯᠠᠩ ᠤᠨ ᠠᠵᠤ ᠦᠢᠯᠡᠰ ᠢᠶᠠᠷ ᠭᠤᠤᠯ ᠪᠣᠯᠭᠠᠭᠰᠠᠨ | 3 A ᠲᠠᠰ ᠤᠨ ᠦᠵᠡᠮᠵᠢ ᠶᠢᠨ ᠣᠷᠣᠨ ᠢ ᠰᠢᠨ᠎ᠡ ᠪᠠᠷ 1 ᠨᠡᠮᠡᠭᠳᠡᠭᠦᠯᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠠᠯᠭᠠᠰᠤ᠂ ᠲᠠᠷᠢᠶᠠᠯᠠᠩ ᠰᠣᠶᠣᠯ | ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠲᠤᠭ᠎ᠠ ᠬᠡᠮᠵᠢᠶ᠎ᠡ ᠶᠢᠨ ᠲᠠᠯ᠎ᠠ ᠪᠠᠷ | ᠰᠢᠪᠲᠤᠯᠤᠯᠲᠠ ᠶᠢᠨ ᠥᠬᠡᠶ ᠪᠠᠶᠢᠬᠤ ᠶᠢ ᠪᠡᠶᠡᠯᠡᠭᠦᠯᠦᠨ᠎ᠡ᠃ | ᠬᠤᠶᠠᠷ᠂ ᠭᠤᠤᠯᠳᠠᠯᠭ᠎ᠠ ᠲᠠᠢ ᠠᠵᠢᠯ | ︵ᠨᠢᠭᠡ︶ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | 1. ᠬᠥᠳᠡᠭᠡ ᠲᠣᠰᠬᠤᠨ ᠤ ᠵᠢᠭᠤᠯᠴᠢᠯᠠᠯ ᠤᠨ ᠪᠦᠲᠦᠭᠡᠭᠳᠡᠬᠦᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ︽ᠦᠬᠠᠶ ᠬᠤᠲᠠ ᠶᠢᠨ ︿ᠵᠢᠭᠤᠯᠴᠢᠯᠠᠯ ᠤᠨ ᠳᠥᠷᠪᠡᠨ ᠭᠠᠵᠠᠷ﹀ ᠢ ᠪᠣᠶ ᠪᠣᠯᠭᠠᠬᠤ ᠶᠢᠨ ᠬᠡᠷᠡᠭᠵᠢᠭᠦᠯᠬᠦ ᠲᠥᠰᠦᠯ︾᠂ | ︽ᠦᠬᠠᠶ ᠬᠤᠲᠠ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ | ᠰᠠᠨᠠᠯ︾ ᠢ ᠲᠣᠭᠲᠠᠭᠠᠨ ᠨᠡᠶᠢᠲᠡᠯᠡᠵᠦ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠤ | ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ | ᠵᠢᠱᠢᠶ᠎ᠡ ᠦᠵᠡᠭᠦᠯᠬᠦ ᠲᠣᠰᠬᠤᠨ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠬᠥᠳᠡᠭᠡ ᠲᠣᠰᠬᠤᠨ ᠤ ᠰᠤᠳᠤᠯᠤᠨ | ᠰᠤᠷᠤᠯᠴᠠᠬᠤ ᠵᠢᠭᠤᠯᠴᠢᠯᠠᠯ᠂ ᠬᠥᠳᠡᠭᠡ ᠲᠣᠰᠬᠤᠨ ᠤ ᠬᠡᠭᠡᠷ᠎ᠡ ᠵᠤᠭᠠᠴᠠᠬᠤ ᠵᠢᠭᠤᠯᠴᠢᠯᠠᠯ ᠵᠡᠷᠭᠡ ᠰᠢᠨ᠎ᠡ ᠬᠡᠯᠪᠡᠷᠢ ᠶᠢᠨ | ᠦᠢᠯᠡᠳᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ | ᠠᠭᠤᠯᠤᠭᠳᠠᠬᠤᠨ ᠢ ᠪᠠᠶᠠᠯᠢᠭᠵᠢᠭᠤᠯᠤᠨ᠎ᠠ᠃ ᠮᠠᠨ ᠤ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠠᠵᠤ | ᠠᠬᠤᠶᠢᠯᠠᠯ ᠢ ᠵᠢᠯᠣᠭᠤᠳᠴᠤ ᠤᠯᠤᠰ ᠤᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠳᠤ | ᠮᠡᠳᠡᠭᠦᠯᠦᠨ᠎ᠡ᠃ ᠤᠢᠢᠷ᠎ᠠ ᠲᠡᠭᠦᠷᠭᠡ ᠶᠢᠨ ᠵᠤᠭᠠᠴᠠᠯ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠲᠠᠷᠢᠶᠠᠯᠠᠩ ᠤᠨ | ᠬᠦᠷᠢᠶᠡᠯᠡᠩ ᠲᠣᠭᠤᠷᠢᠭ᠂ ᠤᠨᠴᠠᠯᠢᠬᠳᠤ ᠵᠢᠵᠢᠭ ᠪᠠᠯᠭᠠᠰᠤ ᠪᠣᠯᠤᠨ ᠬᠥᠳᠡᠭᠡ ᠲᠣᠰᠬᠤᠨ ᠤ ᠵᠤᠭᠠᠴᠠᠯ ᠢ | ᠣᠷᠭᠠᠨᠢᠭ ᠢᠶᠠᠷ ᠤᠶᠠᠯᠳᠤᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠰᠣᠳᠣᠨ ᠵᠠᠮ ᠱᠤᠭᠤᠮ ᠢ ᠪᠤᠢ ᠪᠣᠯᠭᠠᠨ᠎ᠠ᠃ | ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠲᠣᠭᠤᠷᠢᠭ︶ | 2. ᠦᠵᠦᠮ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ | ᠬᠠᠨᠰᠧᠨ᠂ ᠶᠦᠨ ᠹᠸᠢ ᠵᠡᠷᠭᠡ ᠬᠥᠲᠥᠴᠢ ᠠᠵᠤ ᠠᠬᠤᠶᠢᠯᠠᠯ ᠤᠨ ︽ᠬᠡᠯᠬᠢᠶ᠎ᠡ ᠶᠢᠨ ᠡᠵᠡᠨ︾ ᠤ ᠦᠢᠯᠡᠳᠦᠯ ᠢ | ᠭᠦᠢᠴᠡᠳ ᠪᠠᠳᠠᠷᠠᠭᠤᠯᠵᠤ᠂ ᠦᠵᠦᠮ ᠤᠨ ᠲᠤᠰᠬᠠᠶ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ | ᠵᠡᠷᠭᠡ ᠡᠵᠡᠩᠨᠡᠯᠲᠡ ᠶᠢᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ︽ᠲᠤᠰᠬᠠᠶ ᠨᠠᠷᠢᠯᠢᠭ ᠣᠨᠴᠠ | ᠰᠢᠨ᠎ᠡ︾ ᠴᠢᠭᠯᠡᠯ ᠢᠶᠠᠷ ᠬᠥᠭᠵᠢᠭᠦᠯᠵᠦ᠂ ᠪᠡᠯᠡᠳᠭᠡᠮᠵᠢᠳᠤ ᠦᠵᠦᠮ ᠳᠠᠷᠢᠬᠤ ᠶᠢ ᠭᠤᠤᠯᠳᠠᠯᠭ᠎ᠠ ᠲᠠᠢ ᠳᠥᠯᠭᠢᠨ | ᠠᠬᠢᠭᠤᠯᠵᠤ᠂ ᠦᠵᠦᠮ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ︽ᠨᠢᠭᠡ ᠡᠳ᠋ᠯᠡᠩ ᠨᠢᠭᠡ | ᠦᠢᠯᠡᠳᠬᠦᠨ︾ ᠤ ᠵᠦᠷᠢᠶᠡᠴᠢᠯᠡᠭᠰᠡᠨ ᠬᠥᠭᠵᠢᠯᠲᠡ ᠶᠢ ᠴᠢᠩᠭᠠᠳᠬᠠᠵᠤ᠂ ᠦᠵᠦᠮ ᠤᠨ ᠠᠷᠢᠬᠢ ᠶᠢᠨ ᠡᠳ᠋ᠯᠡᠩ᠂ | ᠦᠵᠦᠮ ᠳᠠᠷᠢᠬᠤ ᠡᠳ᠋ᠯᠡᠩ ᠤᠨ ᠰᠠᠭᠤᠷᠢ ᠪᠡᠯᠡᠳᠬᠡᠮᠵᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢ ᠳᠡᠮᠵᠢᠵᠦ᠂ | ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠤᠯᠤᠰ ᠤᠨ A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠢᠷᠮᠠᠶᠢᠨ ᠪᠠᠶᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠡᠯ᠎ᠡ ᠲᠣᠭᠤᠷᠢᠭ︶ | 3. ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢ ᠲᠦᠷᠭᠡᠳᠬᠡᠨ ᠬᠥᠭᠵᠢᠭᠦᠯᠬᠦ ᠬᠡᠷᠡᠭᠲᠡᠶ᠃ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢᠶᠠᠷ ᠭᠤᠤᠯᠳᠠᠯᠭ᠎ᠠ ᠲᠠᠢ ᠣᠷᠣᠨ ᠪᠦᠰᠡ ᠶᠢ ᠪᠣᠯᠭᠠᠵᠤ᠂ ︽ᠨᠢᠭᠡ ᠶᠢ ᠲᠡᠷᠢᠭᠦᠨ ᠳᠤ | ᠲᠠᠯᠪᠢᠬᠤ᠂ ᠬᠤᠶᠠᠷ ᠢ ᠨᠡᠮᠡᠭᠳᠡᠭᠦᠯᠬᠦ᠂ ᠭᠤᠷᠪᠠ ᠶᠢ ᠵᠢᠱᠢᠶ᠎ᠡ ᠦᠵᠡᠭᠦᠯᠬᠦ᠂ ᠳᠥᠷᠪᠡ ᠶᠢ ᠡᠵᠡᠮᠳᠡᠬᠦ᠂ ᠳᠣᠯᠤᠭ᠎ᠠ ᠶᠢ | ᠢᠵᠢ ᠪᠦᠷᠢᠳᠦᠭᠦᠯᠬᠦ︾ ᠶᠡᠷᠦᠩᠬᠡᠶ ᠬᠠᠷᠠᠯᠲᠠ ᠶᠣᠰᠣᠭᠠᠷ᠂ ᠪᠥᠬᠦ ᠣᠷᠣᠨ ᠳᠤ ᠪᠥᠬᠦ ᠣᠷᠣᠨ ᠪᠦᠰᠡ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠤᠷᠢᠳᠠᠪᠠᠷ ᠪᠠᠶᠢᠭᠤᠯᠬᠤ ᠶᠢ ᠦᠨᠡᠨᠬᠦ ᠪᠠᠲᠤᠯᠠᠵᠤ᠂ ᠲᠠᠷᠢᠶᠠᠨ ᠭᠠᠵᠠᠷ ᠤᠨ ᠶᠠᠰᠤ | ᠴᠢᠨᠠᠷ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠦᠬᠠᠶ ᠬᠤᠲᠠ ᠶᠢᠨ ᠣᠲᠣ | ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠰᠤᠳᠤᠯᠭᠠᠨ ᠤ ᠮᠡᠳᠡᠭᠦᠯᠦᠯᠲᠡ︾ ᠶᠢ ᠰᠤᠳᠤᠯᠤᠨ | ᠲᠣᠭᠲᠠᠭᠠᠵᠤ᠂ ᠦᠵᠦ ᠲᠥᠯᠥᠪᠯᠡᠭᠡ ᠶᠢ ᠴᠢᠩᠭᠠᠷᠠᠭᠤᠯᠤᠨ᠂ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ | ᠠᠬᠢᠭᠤᠯᠤᠨ᠎ᠠ᠃ ᠰᠤᠯᠠ ᠪᠠᠶᠢᠭ᠎ᠠ ᠬᠦᠯᠡᠮᠵᠢ ᠶᠢ ᠠᠮᠢᠯᠠᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠯᠠ ᠪᠠᠶᠢᠭ᠎ᠠ ᠬᠦᠯᠡᠮᠵᠢ ᠶᠢ ᠱᠠᠯᠠᠪᠳᠠᠨ ᠠᠮᠢᠯᠠᠭᠤᠯᠵᠤ᠂ ᠵᠢᠮᠢᠰ | ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠵᠡᠷᠭᠡ ᠪᠡᠯᠡᠳᠬᠡᠮᠵᠢᠲᠦ ᠲᠠᠷᠢᠶᠠᠯᠠᠩ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠰᠦᠯᠢᠶᠣᠤ ᠬᠦᠯᠡᠮᠵᠢ᠂ ᠨᠡᠷᠡᠨ ᠤ ᠭᠡᠷᠡᠯ ᠤᠨ ᠬᠦᠯᠡᠮᠵᠢ᠂ ᠬᠦᠯᠡᠮᠵᠢ ᠶᠢᠨ ᠬᠦᠯᠡᠮᠵᠢ ᠵᠡᠷᠭᠡ ᠪᠡᠯᠡᠳᠬᠡᠮᠵᠢ ᠶᠢ | ᠬᠥᠭᠵᠢᠭᠦᠯᠦᠨ᠎ᠡ᠃ ᠳᠠᠷᠢᠵᠤ ᠪᠤᠶᠢᠵᠢᠭᠤᠯᠬᠤ ᠮᠡᠷᠭᠡᠵᠢᠯ ᠢ ᠲᠥᠪᠯᠡᠷᠡᠭᠦᠯᠦᠨ ᠰᠢᠨ᠎ᠡ ᠶᠢ ᠡᠭᠦᠳᠬᠦ ᠶᠢ ᠬᠠᠶᠢᠨ | ᠰᠦᠪᠡᠭᠴᠢᠯᠡᠵᠦ᠂ ᠣᠲᠣ ᠶᠢᠨ ᠪᠠᠶᠢᠭ᠎ᠠ ᠪᠡᠯᠡᠳᠬᠡᠮᠵᠢᠲᠦ ᠲᠠᠷᠢᠶᠠᠯᠠᠩ ᠤᠨ ᠳᠠᠯᠳᠠ ᠬᠦᠴᠦᠨ ᠢ ᠢᠳᠡᠪᠬᠢᠲᠡᠶ ᠪᠠᠷ | ᠠᠭᠤᠳᠠᠯᠤᠨ᠂ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ | ᠬᠥᠲᠥᠯᠦᠨ ᠵᠢᠯᠣᠭᠤᠳᠴᠤ ᠪᠠᠶᠢᠭᠠᠳ ᠲᠣᠰ ᠪᠡᠶ᠎ᠡ ᠶᠢᠨ ᠳᠠᠪᠠᠭᠤᠯᠢᠭ ᠨᠥᠬᠦᠴᠡᠯ ᠢᠶᠠᠨ ᠠᠰᠢᠭᠯᠠᠨ ᠲᠠᠷᠢᠶᠠᠴᠢᠨ | ᠠᠶᠢᠯ ᠤᠨ ᠵᠢᠭᠤᠯᠴᠢᠯᠠᠯ᠂ ᠰᠡᠯᠡᠭᠦᠴᠡᠨ ᠲᠡᠭᠦᠬᠦ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ | ᠰᠤᠳᠤᠯᠤᠨ ᠰᠤᠷᠤᠯᠴᠠᠬᠤ ᠦᠢᠯᠡᠳᠦᠯᠭᠡ ᠵᠡᠷᠭᠡ ᠦᠢᠯᠡᠴᠢᠯᠡᠭᠡᠨ ᠤ ᠦᠢᠯᠡᠳᠬᠦᠨ ᠢ ᠤᠯᠠᠮ ᠨᠢᠭᠡ ᠠᠯᠬᠤᠮ ᠨᠡᠭᠡᠭᠡᠨ | ᠬᠥᠭᠵᠢᠭᠦᠯᠵᠦ᠂ ᠭᠥᠯᠢᠶᠡᠨ ᠠᠪᠬᠤ ᠦᠢᠯᠡᠴᠢᠯᠡᠭᠡᠨ ᠤ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ᠃ ︵ᠬᠠᠷᠢᠭᠤᠴᠠᠯᠭᠠᠲᠤ | ᠰᠠᠯᠠᠭ᠎ᠠ ᠮᠥᠴᠢᠷ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠶ ᠬᠤᠲᠠ ᠶᠢᠨ ᠬᠤᠷᠢᠶ᠎ᠠ᠂ ᠡᠯ᠎ᠡ | ᠲᠣᠭᠤᠷᠢᠭ︶ | 4. ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ | ᠦᠷᠭᠦᠯᠵᠢᠯᠡᠨ ᠪᠦᠷᠢᠨᠰᠢᠬᠦᠯᠦᠨ ᠨᠠᠶᠢᠳᠠᠪᠤᠷᠢᠵᠢᠭᠤᠯᠵᠤ᠂ ︽ᠬᠤᠶᠠᠷ ᠢ ᠬᠢᠨᠠᠨ ᠬᠡᠮᠵᠢᠬᠦ᠂ ᠬᠤᠶᠠᠷ ᠢ ᠵᠢᠭᠰᠠᠭᠠᠨ | ᠪᠠᠶᠢᠴᠠᠭᠠᠬᠤ︾ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠷᠢᠮᠲᠠᠯᠠᠵᠤ᠂ ᠡᠳᠦᠷ ᠲᠤᠳᠤᠮ ᠤᠨ | ᠬᠥᠳᠡᠯᠦᠩᠭᠦᠢ ᠬᠢᠨᠠᠨ ᠬᠡᠮᠵᠢᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠥᠳᠡᠭᠡ ᠲᠣᠰᠬᠤᠨ ᠤ | ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ | ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠲᠣᠰᠬᠤᠨ ᠤ ᠬᠠᠮᠲᠤ ᠶᠢᠨ ᠠᠵᠤ | ᠠᠬᠤᠢ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠵᠤᠭᠠᠴᠠᠯ ᠢ ᠶᠡᠬᠡᠪᠡᠷ ᠬᠥᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ | ᠮᠥᠴᠢᠷ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠲᠣᠭᠤᠷᠢᠭ︶ | ︵ᠬᠤᠶᠠᠷ︶ ᠰᠣᠶᠣᠯ ᠢᠶᠠᠷ ᠬᠥᠳᠡᠭᠡ ᠲᠣᠰᠬᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠠᠵᠤ | ᠠᠬᠤᠢ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ | 5. ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠲᠦᠯᠬᠢᠨ ᠠᠬᠢᠭᠤᠯᠤᠨ᠎ᠠ᠃ | ᠰᠣᠶᠣᠯ ᠤᠨ ᠣᠨᠴᠠᠯᠢᠭᠲᠤ ᠵᠢᠭᠤᠯᠴᠢᠯᠠᠯ ᠤᠨ ᠬᠡᠰᠡᠭ ᠣᠷᠣᠨ᠂ ᠰᠣᠶᠣᠯ ᠢ ᠣᠶᠢᠯᠠᠭᠠᠬᠤ ᠲᠥᠷᠥᠯ ᠵᠦᠢᠯ ᠢ | ᠭᠦᠨᠵᠡᠭᠡᠶ ᠠᠭᠤᠳᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ | ᠥᠷᠲᠡᠭᠡ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠭᠡᠯ ᠤᠨ ᠭᠠᠵᠠᠷ ᠢ ᠢᠳᠡᠪᠬᠢᠲᠡᠢ | ᠭᠤᠶᠤᠴᠢᠯᠠᠨ ᠮᠡᠳᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠶᠢ | ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠣᠶᠣᠯ ᠪᠡᠶ᠎ᠡ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠡᠯ᠎ᠡ ᠲᠣᠭᠤᠷᠢᠭ︶ | 6. ᠡᠯ᠎ᠡ ᠲᠥᠷᠥᠯ ᠤᠨ ᠠᠵᠢᠯᠯᠠᠭᠠᠨ ᠤ ᠤᠷᠤᠯᠳᠤᠭᠠᠨ ᠡᠷᠬᠢᠯᠡᠨ᠎ᠡ᠃ ᠡᠯ᠎ᠡ ᠲᠥᠷᠥᠯ ᠤᠨ ᠪᠠᠶᠠᠷ | ᠳᠤᠷᠠᠰᠬᠠᠯ ᠤᠨ ᠠᠵᠢᠯᠯᠠᠭ᠎ᠠ᠂ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠨ | ᠬᠤᠷᠠᠯᠳᠤᠭᠤᠯᠬᠤ ᠶᠢ ᠢᠳᠡᠪᠬᠢᠲᠡᠢ ᠰᠦᠪᠡᠭᠴᠢᠯᠡᠵᠦ᠂ ᠠᠵᠢᠯᠯᠠᠭ᠎ᠠ ᠪᠠᠷ ᠬᠥᠮᠦᠰ ᠤᠨ ᠠᠩᠬᠠᠷᠤᠯ ᠢ ᠲᠠᠲᠠᠵᠤ᠂ | ᠬᠥᠳᠡᠭᠡ ᠲᠣᠰᠬᠤᠨ ᠤ ᠵᠤᠭᠠᠴᠠᠯ ᠤᠨ ︽ᠰᠤᠷᠪᠤᠯᠵᠢᠯᠠᠨ ᠠᠰᠠᠭᠤᠬᠤ︾ ᠶᠢ ᠳᠡᠭᠡᠭᠰᠢᠯᠡᠭᠦᠯᠵᠦ᠂ ᠮᠠᠨ ᠤ ᠬᠤᠲᠠ ᠶᠢᠨ | ᠬᠥᠳᠡᠭᠡ ᠲᠣᠰᠬᠤᠨ ᠤ ᠵᠤᠭᠠᠴᠠᠯ ᠤᠨ ᠪᠥᠬᠦ ᠲᠠᠯ᠎ᠠ ᠪᠠᠷ ᠲᠠᠰ ᠳᠡᠪᠰᠢᠬᠦ ᠳᠤ ᠬᠦᠴᠦᠨ ᠨᠡᠮᠡᠷᠢᠯᠡᠪᠡ᠃ ᠡᠯ᠎ᠡ | ᠲᠥᠷᠥᠯ ᠤᠨ ᠦᠵᠦᠮ ᠤᠨ ᠡᠵᠡᠩᠨᠡᠯᠲᠡ ᠶᠢᠨ ᠭᠤᠤᠯ ᠴᠣᠭᠴᠠ ᠶᠢ ᠵᠣᠷᠢᠭᠵᠢᠭᠤᠯᠵᠤ᠂ ᠦᠵᠦᠮ᠂ ᠦᠵᠦᠮ ᠤᠨ | ᠠᠷᠢᠬᠢ ᠵᠡᠷᠭᠡ ᠬᠠᠮᠢᠶ᠎ᠠ ᠪᠥᠬᠦᠶ ᠲᠥᠷᠥᠯ ᠵᠦᠢᠯ ᠢ ᠨᠡᠮᠡᠨ ᠪᠠᠶᠢᠭᠤᠯᠵᠤ᠂ ᠪᠥᠬᠦ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠳᠤᠯᠤᠨ ᠰᠤᠷᠤᠯᠴᠠᠬᠤ ᠰᠣᠳᠣᠨ ᠵᠠᠮ ᠱᠤᠭᠤᠮ ᠢ ᠪᠣᠶ ᠪᠣᠯᠭᠠᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠦᠵᠦᠮ ᠤᠨ ᠠᠵᠤ ᠦᠢᠯᠡᠰ ᠤᠨ | ᠬᠥᠭᠵᠢᠯᠲᠡ ᠶᠢᠨ ᠲᠡᠤᠬᠡ ᠪᠠ ᠬᠥᠮᠦᠨ ᠨᠡᠶᠢᠭᠡᠮ ᠤᠨ ᠥᠯᠢᠭᠡᠷ ᠢ ᠰᠤᠷᠤᠯᠴᠠᠭᠤᠯᠤᠨ ᠣᠶᠢᠯᠠᠭᠠᠭᠤᠯᠤᠨ᠎ᠠ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠦᠬᠠᠶ ᠬᠤᠲᠠ ᠶᠢᠨ ᠬᠤᠷᠢᠶ᠎ᠠ᠂ ᠬᠤᠲᠠ ᠶᠢᠨ ᠤᠳᠬ᠎ᠠ ᠤᠷᠠᠯᠢᠭ ᠤᠨ ᠬᠢᠨ ᠤ | ᠬᠤᠯᠪᠣᠭᠠᠲᠤ ᠬᠤᠷᠠᠯ᠂ ᠡᠯ᠎ᠡ ᠲᠣᠭᠤᠷᠢᠭ︶ | 7. ᠰᠣᠶᠣᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯᠯᠠᠭ᠎ᠠ ᠥᠷᠨᠢᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ | ᠲᠠᠯ᠎ᠠ ᠪᠠᠷ ᠲᠤᠤᠱᠯᠠᠭᠤᠯᠵᠤ᠂ ᠤᠯᠠᠭᠠᠨᠮᠥ᠋ᠴᠢᠷ ᠤᠨ ︽ᠰᠤᠷᠤᠯᠴᠠᠬᠤ · ᠡᠭᠦᠳᠬᠦ · ᠰᠤᠷᠬᠤ︾ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠱᠠᠲᠤᠨ ᠤ ᠡᠯ᠎ᠡ ᠲᠦᠷᠦᠯ ᠤᠨ ᠤᠳᠬ᠎ᠠ ᠤᠷᠠᠯᠢᠭ ᠤᠨ ᠴᠢᠳᠠᠪᠤᠷᠢᠲᠠᠨ ᠤ | ᠤᠮᠠᠷᠠᠲᠤ ᠬᠢᠯᠢ ᠶᠢᠨ ᠰᠣᠶᠣᠯ ᠪᠠ ᠲᠠᠷᠢᠶᠠᠯᠠᠬᠤ ᠰᠣᠶᠣᠯ ᠢᠶᠠᠷ ᠰᠡᠳᠦᠪ ᠪᠣᠯᠭᠠᠵᠤ᠂ ᠤᠷᠠᠯᠢᠭ ᠤᠨ ᠵᠣᠬᠢᠶᠠᠨ | ᠪᠦᠲᠦᠭᠡᠯᠭᠡ ᠬᠢᠬᠦ ᠶᠢ ᠵᠣᠷᠢᠭᠵᠢᠭᠤᠯᠤᠨ᠎ᠠ᠃ ᠰᠢᠯᠢᠳᠡᠭ ᠲᠣᠭᠯᠠᠭᠴᠢ ᠶᠢ ᠰᠣᠩᠭᠤᠨ ᠲᠣᠮᠢᠯᠠᠵᠤ ᠨᠡᠶᠢᠭᠡᠮ ᠲᠣᠭᠤᠷᠢᠭ᠂ | ᠲᠠᠷᠢᠶᠠᠯᠠᠬᠤ ᠣᠷᠣᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠲᠣᠭᠯᠠᠯᠲᠠ᠂ ᠪᠣᠯᠪᠠᠰᠤᠷᠠᠯ ᠵᠢᠯᠣᠭᠤᠳᠣᠯᠭ᠎ᠠ ᠬᠢᠵᠦ᠂ ᠤᠯᠠᠭᠠᠨᠮᠥ᠋ᠴᠢᠷ ᠤᠨ ︽ᠵᠠᠭᠤᠨ ᠪᠦᠯᠬᠦᠮ ᠮᠢᠩᠭᠠᠨ ᠲᠠᠯᠠᠪᠠᠶ︾᠂ | ︽ᠰᠣᠶᠣᠯ ᠢ ᠲᠦᠮᠡᠨ ᠡᠷᠦᠬᠡ ᠳᠤ ᠣᠷᠣᠭᠤᠯᠬᠤ︾ ᠲᠣᠭᠯᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠬᠡᠯᠪᠡᠷᠢ ᠪᠠᠷ ᠲᠠᠷᠢᠶᠠᠯᠠᠩ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠤᠳᠬ᠎ᠠ | ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠡᠯ᠎ᠡ ᠲᠣᠭᠤᠷᠢᠭ︶ | ︵ᠭᠤᠷᠪᠠ︶ ᠨᠠᠷᠠᠲᠤ ᠲᠡᠮᠳᠡᠭ ᠢᠶᠠᠷ ᠬᠡᠷᠡᠭᠯᠡᠭᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ | 8. ᠲᠠᠷᠢᠶᠠᠯᠠᠩ ᠰᠣᠶᠣᠯ ᠵᠢᠭᠤᠯᠴᠢᠯᠠᠯ ᠪᠠ ᠬᠤᠳᠠᠯᠳᠤᠭ᠎ᠠ ᠶᠢ ᠠᠭᠤᠰᠤᠯᠴᠠᠭᠤᠯᠬᠤ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︽ᠦᠬᠠᠶ ᠶᠢᠨ ᠦᠵᠦᠮ︾ ᠤᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠵᠤ᠂ | ᠪᠣᠬᠢᠷᠲᠤᠯ ᠥᠬᠡᠶ᠂ ᠣᠷᠭᠠᠨᠢᠭ ᠪᠠ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠤᠶᠢᠵᠢᠭᠤᠯᠤᠨ᠎ᠠ᠃ ︽ᠦᠬᠠᠢ ᠨᠠᠭᠤᠷ ᠤᠨ ᠬᠥᠪᠡᠭᠡᠨ︾ ᠣᠷᠣᠨ ᠪᠦᠰᠡ ᠶᠢᠨ ᠲᠠᠷᠢᠶᠠᠯᠠᠩ ᠤᠨ ᠪᠦᠲᠦᠭᠡᠭᠳᠡᠬᠦᠨ ᠤ | ᠤᠯᠠᠨ ᠨᠡᠶᠢᠲᠡ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠠᠬᠢᠭᠤᠯᠵᠤ᠂ ᠲᠤᠰ ᠭᠠᠵᠠᠷ ᠤᠨ ᠲᠠᠷᠢᠶᠠᠯᠠᠩ ᠤᠨ | ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠣᠯᠤᠨ | ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠦᠨ᠎ᠡ᠃ ︽ᠦᠬᠠᠶ ᠶᠢᠨ ᠪᠡᠯᠡᠭ ᠲᠠᠢ︾ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠵᠤ᠂ ︽ᠦᠬᠠᠶ ᠶᠢᠨ ᠪᠡᠯᠡᠭ︾ ᠲᠠᠢ ᠪᠠᠶᠢᠬᠤ ᠶᠢ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠬᠡᠷᠡᠭᠯᠡᠭᠡ ᠶᠢᠨ ᠬᠠᠪᠰᠤᠷᠤᠨ ᠲᠡᠳᠬᠦᠬᠦ ᠬᠡᠪᠴᠢᠶᠡᠨ ᠳᠤ ᠣᠷᠣᠭᠤᠯᠵᠤ᠂ ᠨᠠᠷᠠᠲᠤ | ᠲᠥᠷᠥᠯ ᠲᠡᠮᠳᠡᠭᠲᠦ ᠶᠢᠨ ᠰᠠᠴᠤᠷᠠᠭ ᠤᠨ ᠦᠢᠯᠡᠳᠦᠯ ᠢ ᠠᠯᠬᠤᠮ ᠠᠯᠬᠤᠮ ᠢᠶᠠᠷ ᠥᠷᠭᠡᠳᠬᠡᠨ᠎ᠡ᠃ ᠪᠥᠬᠦ ᠬᠤᠲᠠ ᠶᠢᠨ | ᠭᠤᠤᠯᠳᠠᠯᠭ᠎ᠠ᠂ ᠣᠯᠠᠨ ᠲᠦᠮᠡᠨ ᠤ ᠬᠠᠯᠠᠮᠰᠢᠯ ᠴᠡᠭ ᠢ ᠲᠥᠰᠦᠪᠯᠡᠬᠦ ᠲᠤᠰᠬᠠᠶ ᠰᠡᠳᠦᠪᠲᠦ ᠤᠬᠠᠭᠤᠯᠭ᠎ᠠ ᠶᠢᠨ | ᠲᠣᠭᠤᠷᠢᠨ ᠳᠤ ᠦᠬᠠᠶ ᠶᠢᠨ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠤᠬᠠᠭᠤᠯᠭ᠎ᠠ ᠶᠢᠨ | ᠠᠴᠢᠶᠠᠯᠠᠪᠤᠷᠢ ᠶᠢᠨ ᠳᠣᠲᠣᠭᠠᠳᠤ ᠭᠠᠳᠠᠭᠠᠳᠤ ᠶᠢ ᠵᠡᠷᠭᠡ ᠪᠠᠷ ᠵᠠᠰᠠᠬᠤ ᠶᠢ ᠪᠡᠶᠡᠯᠡᠭᠦᠯᠦᠨ᠎ᠡ᠃ ︽ᠡᠯᠡᠰᠦᠨ ᠴᠥᠯ ᠳᠤ | ᠢᠷᠡᠵᠦ ᠲᠡᠯᠡᠶ ᠶᠢ ᠦᠵᠡᠬᠦ︾ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ | ᠳᠡᠯᠭᠡᠷᠡᠭᠦᠯᠵᠦ᠂ ᠤᠯᠤᠰ ᠤᠨ ᠳᠣᠲᠣᠭᠠᠳᠤ ᠶᠢᠨ ᠭᠤᠤᠯ ᠵᠠᠭᠤᠴᠢᠯᠠᠭᠤᠷ᠂ ᠰᠦᠯᠵᠢᠶᠡᠨ ᠳᠡᠭᠡᠷᠡᠬᠢ ᠨᠠᠷᠠᠲᠤ ᠡᠵᠡᠩᠨᠡᠨ | ᠪᠣᠷᠣᠯᠠᠭᠤᠯᠬᠤ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ︽ᠦᠬᠠᠶ ᠶᠢᠨ ᠰᠣᠶᠣᠯ | ᠵᠢᠭᠤᠯᠴᠢᠯᠠᠯ ᠤᠨ ᠲᠦᠮᠡᠨ ᠭᠠᠵᠠᠷ ᠤᠨ ᠠᠶᠠᠯᠠᠯ ᠤᠨ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠡᠭᠡᠯᠵᠢ ᠶᠢᠨ | ᠨᠢᠰᠬᠡᠯ ᠤᠨ ᠵᠣᠷᠢᠭᠰᠠᠨ ᠭᠠᠵᠠᠷ ᠤᠨ ᠠᠶᠠᠨᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠨ᠎ᠡ᠃ ᠢᠷᠭᠠᠢ | ᠬᠤᠲᠠ᠂ ᠠᠯᠠᠱᠠ ᠠᠶᠢᠮᠠᠭ᠂ ᠣᠷᠳᠣᠰ ᠬᠤᠲᠠ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠠᠮᠵᠢᠯᠴᠠᠨ ᠬᠥᠭᠵᠢᠬᠦ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠨ᠎ᠠ᠃ ᠦᠵᠡᠮᠵᠢ ᠶᠢᠨ ᠣᠷᠣᠨ᠂ ᠠᠵᠢᠯᠯᠠᠭ᠎ᠠ ᠶᠢᠨ | ᠲᠠᠲᠠᠬᠤ ᠬᠥᠮᠦᠨ ᠤ ᠤᠷᠤᠰᠬᠠᠯ᠂ ᠠᠶᠠᠨᠴᠢᠳ ᠢ ᠡᠯ᠎ᠡ ᠲᠥᠷᠥᠯ ᠤᠨ ᠬᠡᠷᠡᠭᠯᠡᠭᠡ ᠳᠡᠭᠡᠷ᠎ᠡ ᠠᠪᠴᠢᠷᠠᠵᠤ᠂ ᠬᠡᠷᠡᠭᠯᠡᠭᠡᠨ ᠤ | ᠰᠢᠨ᠎ᠡ ᠪᠠᠶᠢᠳᠠᠯ ᠢ ᠢᠳᠡᠪᠬᠢᠲᠡᠶ ᠪᠣᠶ ᠪᠣᠯᠭᠠᠵᠤ᠂ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠦᠷᠭᠦᠯᠵᠢᠯᠡᠨ | ᠬᠥᠭᠵᠢᠭᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠡᠯ᠎ᠡ | ᠲᠣᠭᠤᠷᠢᠭ︶ | 9. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ | ᠵᠣᠯᠭᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠬᠢᠭᠡᠳ ᠬᠡᠲᠦ ᠳᠡᠯᠭᠡᠭᠦᠷ ᠢ ᠵᠣᠯᠭᠠᠭᠤᠯᠬᠤ᠂ | ᠨᠡᠶᠢᠭᠡᠮ ᠲᠣᠭᠤᠷᠢᠭ ᠤᠨ ᠰᠢᠭᠤᠳ ᠪᠣᠷᠣᠯᠠᠭᠤᠯᠬᠤ᠂ ᠰᠤᠷᠭᠠᠭᠤᠯᠢ ᠬᠢᠭᠡᠳ ᠠᠵᠤ ᠠᠬᠤᠶᠢᠯᠠᠯ ᠤᠨ ᠰᠢᠭᠤᠳ | ᠬᠠᠩᠭᠠᠬᠤ᠂ ᠰᠠᠭᠤᠷᠢᠨ ᠭᠠᠵᠠᠷ ᠲᠤ ᠰᠢᠭᠤᠳ ᠬᠤᠳᠠᠯᠳᠤᠬᠤ ᠵᠡᠷᠭᠡ ᠣᠯᠠᠨ ᠵᠦᠢᠯ ᠤᠨ ᠪᠣᠷᠣᠯᠠᠭᠤᠯᠬᠤ ᠠᠷᠭ᠎ᠠ | ᠵᠠᠮ ᠢ ᠶᠡᠬᠡᠪᠡᠷ ᠳᠡᠯᠭᠡᠷᠡᠭᠦᠯᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠦᠵᠡᠰᠬᠦᠯᠡᠩ ᠤᠨ ᠴᠤᠭᠯᠠᠭᠠᠨ᠂ | ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠴᠤᠭᠯᠠᠭᠠᠨ᠂ ᠦᠶ᠋ᠯᠡᠳᠬᠦᠨ ᠤ ᠲᠠᠨᠢᠯᠴᠠᠭᠤᠯᠭ᠎ᠠ ᠶᠢᠨ ᠬᠤᠷᠠᠯ | ᠵᠡᠷᠭᠡ ᠡᠯ᠎ᠡ ᠲᠥᠷᠥᠯ ᠤᠨ ᠲᠠᠪᠴᠠᠩ ᠢ ᠭᠦᠶ᠋ᠴᠡᠳ ᠠᠰᠢᠭᠯᠠᠨ᠂ ᠨᠠᠷᠠᠲᠤ ᠲᠡᠮᠳᠡᠭᠲᠦ ᠶᠢᠨ ᠵᠠᠬ᠎ᠠ ᠳᠡᠯᠭᠡᠭᠦᠷ ᠤᠨ | ᠡᠵᠡᠩᠨᠡᠨ ᠪᠣᠷᠣᠯᠠᠭᠤᠯᠤᠯᠲᠠ ᠶᠢ ᠴᠢᠩᠭᠠᠳᠬᠠᠵᠤ᠂ ᠦᠵᠡᠰᠬᠦᠯᠡᠩ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ | ᠰᠠᠶᠢᠲᠤᠷ ᠬᠢᠬᠦ ᠶᠢ ᠴᠢᠬᠤᠯᠠᠴᠢᠯᠠᠨ᠂ ᠰᠠᠨᠠᠮᠵᠢ ᠶᠢᠨ ᠬᠡᠯᠡᠯᠴᠡᠭᠡᠷ ᠢ ᠪᠣᠳᠠᠲᠤ ᠴᠢᠨᠠᠷᠲᠠᠶ ᠵᠠᠬᠢᠶᠠᠯᠠᠭ᠎ᠠ ᠶᠢᠨ ᠳᠠᠰᠢ | ᠬᠤᠪᠢᠷᠠᠭᠤᠯᠬᠤ ᠶᠢ ᠠᠬᠢᠭᠤᠯᠵᠤ᠂ ᠭᠠᠳᠠᠭᠠᠳᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ | ᠡᠯᠧᠺᠳ᠋ᠷᠣᠨ ᠬᠤᠳᠠᠯᠳᠤᠭᠠᠨ ᠤ ᠶᠠᠪᠤᠳᠠᠯ ᠬᠢᠭᠡᠳ ᠲᠠᠷᠢᠶᠠᠴᠢᠨ ᠡᠷᠦᠬᠡ ᠶᠢᠨ ᠲᠠᠷᠢᠮᠠᠯ ᠢ ᠠᠭᠤᠰᠤᠯᠴᠠᠭᠤᠯᠤᠨ | ᠬᠥᠭᠵᠢᠭᠦᠯᠬᠦ ᠶᠢ ᠢᠳᠡᠪᠬᠢᠲᠡᠶ ᠠᠬᠢᠭᠤᠯᠵᠤ᠂ ᠦᠬᠠᠶ ᠬᠤᠲᠠ ᠶᠢᠨ ᠲᠣᠭᠠᠴᠢᠯᠠᠭᠰᠠᠨ ᠠᠵᠤ ᠠᠬᠤᠶ ︵ᠡᠯᠧᠺᠳ᠋ᠷᠣᠨ | ᠬᠤᠳᠠᠯᠳᠤᠭ᠎ᠠ︶ ᠶᠢᠨ ᠠᠵᠤ ᠦᠢᠯᠡᠰ ᠤᠨ ᠬᠦᠷᠢᠶᠡᠯᠡᠩ ᠢᠶᠠᠷ ᠠᠴᠢᠶᠠᠯᠠᠪᠤᠷᠢ ᠪᠣᠯᠭᠠᠵᠤ᠂ ︽ᠣᠷᠣᠨ ᠨᠤᠲᠤᠭ ᠤᠨ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠨᠡᠶᠢᠭᠡᠮ ᠤᠨ ᠬᠥᠷᠥᠩᠭᠡ ᠶᠢᠨ ᠲᠠᠯ᠎ᠠ ᠶᠢᠨ ᠲᠤᠰᠬᠠᠶ ᠡᠵᠡᠩᠨᠡᠯᠲᠡ ᠶᠢᠨ ᠲᠠᠯ᠎ᠠ︾ ᠪᠠᠷ | ᠠᠭᠤᠰᠤᠯᠴᠠᠨ ᠬᠥᠭᠵᠢᠬᠦ ᠬᠠᠩᠭᠠᠯᠭ᠎ᠠ ᠶᠢᠨ ᠬᠡᠯᠬᠢᠶ᠎ᠡ ᠶᠢᠨ ᠺᠣᠮᠫᠠᠨᠢ ᠶᠢ ᠵᠣᠬᠢᠶᠠᠨ ᠪᠠᠶᠢᠭᠤᠯᠬᠤ ᠪᠠᠷ ᠲᠤᠯᠭᠠᠭᠤᠷᠢᠯᠠᠯ | ᠪᠣᠯᠭᠠᠵᠤ᠂ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ᠂ ᠬᠡᠷᠡᠭᠯᠡᠭᠡ ᠪᠠᠷ | ᠬᠠᠪᠰᠤᠷᠤᠨ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ ᠳᠡᠯᠭᠡᠨ ᠪᠣᠷᠣᠯᠠᠭᠤᠯᠬᠤ ᠲᠥᠪ ᠤᠨ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠬᠤᠯᠪᠣᠭᠠᠯᠠᠨ ᠬᠥᠳᠡᠯᠦᠯᠴᠡᠬᠦ ᠵᠠᠭᠪᠤᠷ ᠢᠶᠠᠷ ᠳᠠᠮᠵᠢᠭᠤᠯᠤᠨ᠂ ︽ᠨᠡᠪᠴᠢᠭᠦᠯᠬᠦ | ᠰᠠᠭᠤᠷᠢᠨ ᠭᠠᠵᠠᠷ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠬᠠᠩᠭᠠᠯᠭ᠎ᠠ ᠶᠢᠨ | ᠬᠡᠯᠬᠢᠶᠡᠨ ᠤ ᠮᠥᠩᠭᠦᠨ ᠭᠦᠢᠯᠭᠡᠭᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠠᠭᠠᠨ ᠤ ᠭᠦᠢᠯᠭᠡᠭᠡᠨ ᠤ ᠡᠭᠦᠯᠡᠨ | ᠬᠥᠮᠥᠷᠭᠡ︾ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠠᠮᠢ ᠠᠬᠤᠶ ᠶᠢᠨ ᠬᠡᠯᠬᠢᠶ᠎ᠡ ᠶᠢ ᠪᠣᠶ ᠪᠣᠯᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠶᠢ ᠬᠥᠲᠥᠯᠥᠨ ᠵᠢᠯᠣᠭᠤᠳᠤᠨ᠎ᠠ᠃ | ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠡᠯ᠎ᠡ ᠲᠣᠭᠤᠷᠢᠭ︶ | ︵ᠲᠦᠷᠪᠡ︶ ᠾᠧ ᠮᠧᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ | 10. ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠥᠷᠥᠯ | ᠵᠦᠢᠯ ᠢᠶᠠᠷ ᠤᠳᠤᠷᠢᠳᠤᠮᠵᠢ ᠪᠣᠯᠭᠠᠵᠤ᠂ ᠬᠠᠶᠢᠷᠤᠪ ᠤᠨ ᠲᠣᠬᠤᠢ ᠲᠣᠭᠤᠷᠢᠭ᠂ ᠤᠳᠠ ᠲᠣᠭᠤᠷᠢᠭ ᠤᠨ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ︽ᠮᠢᠩᠭᠠᠨ | ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠶᠢᠨ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠬᠤ ᠠᠵᠢᠯ ᠢ ᠥᠷᠨᠢᠭᠦᠯᠵᠦ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠶᠢᠨ | ᠵᠢᠱᠢᠶ᠎ᠡ ᠦᠵᠡᠭᠦᠯᠬᠦ ᠬᠤᠰᠢᠭᠤ ᠰᠢᠶᠠᠨ᠂ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ | ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠲᠣᠭᠤᠷᠢᠭ︶ | 11. ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ | ᠲᠠᠷᠢᠶᠠᠯᠠᠬᠤ ᠣᠷᠣᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ ᠥᠭᠡᠷᠡᠴᠢᠯᠡᠬᠦ ᠶᠢ | ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠡᠷᠦᠬᠡ ᠶᠢᠨ ᠵᠣᠷᠯᠣᠩ ᠢ ᠲᠦᠭᠡᠮᠡᠯᠵᠢᠭᠦᠯᠬᠦ | ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠠᠷᠢᠶᠠᠯᠠᠬᠤ ᠣᠷᠣᠨ ᠤ ᠪᠣᠬᠢᠷ ᠦᠮᠡᠬᠡᠶ ᠤᠰᠤᠨ | ᠴᠣᠭᠴᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠯ᠎ᠡ ᠲᠣᠰᠬᠤᠨ ᠳᠤ ᠨᠢᠭᠡᠨᠲᠡ | ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠪᠡᠯᠡᠳᠬᠡᠮᠵᠢ ᠶᠢᠨ ᠪᠦᠲᠦᠮᠵᠢᠲᠡᠶ ᠠᠵᠢᠯᠯᠠᠭᠠᠨ ᠢ ᠪᠠᠲᠤᠯᠠᠬᠤ ᠬᠡᠷᠡᠭᠲᠡᠶ᠃ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠲᠠᠷᠢᠶᠠᠯᠠᠬᠤ ᠣᠷᠣᠨ ᠤ ᠬᠤᠭ ᠨᠣᠪᠰᠢ ᠶᠢ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠲᠠᠷᠢᠶᠠᠯᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ | ᠠᠬᠢᠭᠤᠯᠵᠤ᠂ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢᠨ ᠳᠥᠷᠪᠡᠨ ᠤᠯᠠᠷᠢᠯ ᠤᠨ | ᠳᠠᠶᠢᠯᠠᠯᠳᠤᠭᠠᠨ ᠢ ᠯᠠᠪᠳᠠᠭᠤᠨ ᠪᠠᠲᠤᠲᠠᠶ ᠥᠷᠨᠢᠭᠦᠯᠵᠦ᠂ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ | ᠪᠠ ︽ᠦᠵᠡᠰᠬᠦᠯᠡᠩᠲᠦ ᠰᠠᠶᠢᠬᠠᠨ ᠬᠡᠷ ᠣᠷᠣᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠬᠢᠭᠤᠯᠤᠨ᠎ᠠ᠃ | ᠲᠠᠷᠢᠶᠠᠯᠠᠬᠤ ᠣᠷᠣᠨ ᠤ ᠵᠠᠮ ᠢ ᠥᠭᠡᠷᠡᠴᠢᠯᠡᠬᠦ᠂ ᠤᠰᠤ ᠬᠠᠩᠭᠠᠬᠤ ᠬᠤᠭᠤᠯᠠᠶ ᠶᠢᠨ ᠲᠣᠤᠷ ᠢ ᠰᠡᠯᠪᠢᠨ ᠵᠠᠰᠠᠵᠤ | ᠠᠷᠠᠴᠢᠯᠠᠨ ᠬᠠᠮᠠᠭᠠᠯᠠᠬᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ᠂ ᠪᠠᠭᠤᠷᠠᠶ ᠰᠤᠷᠭᠠᠭᠤᠯᠢ ᠶᠢ | ᠥᠭᠡᠷᠡᠴᠢᠯᠡᠬᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ | ᠲᠥᠪ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ ᠲᠣᠭᠤᠷᠢᠭ︶᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ︽ᠬᠤᠲᠠ ᠶᠢᠨ | ᠱᠠᠲᠤᠨ ᠤ ᠶᠡᠷᠦᠩᠬᠡᠶᠢᠯᠡᠨ ᠠᠳᠬᠤᠬᠤ᠂ ᠠᠵᠢᠯ ᠲᠥᠷᠥᠯ ᠢᠶᠠᠷ ᠲᠦᠷᠦᠭᠦᠯᠡᠬᠦ᠂ ᠲᠣᠭᠤᠷᠢᠭ ᠪᠠᠯᠭᠠᠰᠤ | ᠨᠠᠶᠢᠳᠠᠪᠤᠷᠢᠵᠢᠭᠤᠯᠤᠯᠲᠠ ᠶᠢ ᠠᠳᠬᠤᠬᠤ︾ ᠵᠠᠷᠴᠢᠮ ᠶᠣᠰᠣᠭᠠᠷ᠂ ᠲᠠᠷᠢᠶᠠᠯᠠᠩ ᠮᠠᠯ ᠠᠵᠤ ᠠᠬᠤᠶ᠂ ᠰᠣᠶᠣᠯ | ᠵᠢᠭᠤᠯᠴᠢᠯᠠᠯ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠬᠤ ᠪᠠᠨ | ᠴᠢᠩᠭᠠᠳᠬᠠᠵᠤ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠶᠢ | ᠴᠢᠬᠤᠯᠠ ᠠᠵᠢᠯ ᠪᠣᠯᠭᠠᠨ ᠠᠳᠬᠤᠵᠤ᠂ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ | ᠤᠶᠠᠯᠳᠤᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ | ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠪᠣᠳᠠᠲᠤ ᠦᠷ᠎ᠡ | ᠪᠦᠲᠦᠮᠵᠢ ᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ︵ᠬᠤᠶᠠᠷ︶ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢᠨ | ᠪᠠᠲᠤᠯᠠᠭ᠎ᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠪᠣᠯᠤᠨ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠬᠥᠳᠡᠭᠡ ᠲᠣᠰᠬᠤᠨ ᠤ ᠰᠣᠶᠣᠯ | ᠵᠢᠭᠤᠯᠴᠢᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠥᠷᠭᠡᠨ ᠣᠯᠠᠨ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠤᠨ᠎ᠠ︔ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ | ᠬᠥᠳᠡᠭᠡ ᠲᠣᠰᠬᠤᠨ ᠳᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠨ ᠵᠣᠷᠢᠭᠵᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢ ᠰᠤᠳᠤᠯᠬᠤ ᠪᠠ ᠮᠥᠷᠳᠡᠨ ᠳᠠᠭᠠᠬᠤ ᠶᠢ ᠴᠢᠩᠭᠠᠳᠬᠠᠵᠤ᠂ ᠣᠳᠣᠬᠢ ᠱᠠᠲᠤᠨ ᠤ ᠨᠥᠭᠡᠴᠡᠯᠡᠬᠦ ᠲᠥᠷᠥᠯ | ᠵᠦᠢᠯ ᠢ ᠲᠡᠭᠦᠯᠳᠡᠷᠵᠢᠭᠦᠯᠬᠦ ᠵᠢᠴᠢ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠶᠢ ᠰᠠᠶᠢᠲᠤᠷ ᠬᠢᠵᠦ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠵᠤ᠂ ᠳᠡᠭᠡᠳᠦ ᠱᠠᠲᠤᠨ ᠤ ᠪᠠᠯᠠ ᠮᠥᠩᠭᠦ ᠶᠢᠨ | ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠤᠨ᠎ᠠ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠰᠣᠨᠢᠨ ᠰᠡᠳᠬᠦᠯ᠂ ᠷᠠᠳᠢᠣ᠋ | ᠨᠡᠪᠲᠡᠷᠡᠭᠦᠯᠭᠡ᠂ ᠲᠧᠯᠸᠢᠰ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠸᠢᠴᠠᠲ᠂ ᠣᠬᠤᠷ ᠸᠢᠳᠢᠣ᠋ ᠵᠡᠷᠭᠡ | ᠰᠦᠯᠵᠢᠶᠡᠨ ᠤ ᠰᠢᠨ᠎ᠡ ᠵᠠᠭᠤᠴᠢᠯᠠᠭᠤᠷ᠂ ᠬᠠᠮ ᠵᠠᠭᠤᠴᠢᠯᠠᠭᠤᠷ ᠢ ᠭᠦᠢᠴᠡᠳ ᠠᠰᠢᠭᠯᠠᠵᠤ᠂ ᠲᠠᠷᠢᠶᠠᠯᠠᠩ ᠰᠣᠶᠣᠯ | ᠵᠢᠭᠤᠯᠴᠢᠯᠠᠯ ᠪᠠ ᠬᠤᠳᠠᠯᠳᠤᠭ᠎ᠠ ᠶᠢ ᠠᠭᠤᠰᠤᠯᠴᠠᠭᠤᠯᠤᠭᠰᠠᠨ ᠲᠤᠷᠰᠢᠯᠭ᠎ᠠ ᠪᠠ ᠠᠷᠭ᠎ᠠ ᠬᠢᠳᠡᠯ ᠢ ᠰᠠᠶᠢᠲᠤᠷ | ᠤᠬᠠᠭᠤᠯᠵᠤ᠂ ᠪᠦᠬᠦ ᠨᠡᠶᠢᠭᠡᠮ ᠢᠶᠠᠷ ᠢᠶᠠᠨ ᠲᠠᠷᠢᠶᠠᠯᠠᠩ ᠰᠣᠶᠣᠯ ᠵᠢᠭᠤᠯᠴᠢᠯᠠᠯ ᠪᠠ ᠬᠤᠳᠠᠯᠳᠤᠭ᠎ᠠ ᠶᠢ ᠬᠠᠯᠠᠮᠵᠢᠯᠠᠨ | ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃ ᠨᠢᠭᠡ ᠪᠦᠯᠦᠭ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠨᠢᠭᠡ | ᠪᠦᠯᠦᠭ ᠲᠠᠷᠢᠶᠠᠯᠠᠬᠤ ᠣᠷᠣᠨ ᠤ ᠪᠠᠶᠠᠵᠢᠯ ᠤᠨ ᠳᠠᠭᠠᠭᠤᠯᠤᠭᠴᠢ ᠶᠢ ᠪᠤᠶᠢᠵᠢᠭᠤᠯᠵᠤ᠂ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠬᠠᠮᠲᠤ ᠪᠠᠷ ᠪᠠᠶᠠᠵᠢᠬᠤ ᠶᠢ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠬᠠᠮᠲᠤ ᠪᠠᠷ | ᠪᠤᠢ ᠪᠣᠯᠭᠠᠬᠤ ᠬᠡᠷᠡᠭᠲᠡᠶ ᠬᠡᠵᠡᠢ᠃ |