ᠸᠠᠩ ᠶᠥᠩ ᠱᠧᠩ
ᠨᠡᠶᠢᠲᠡᠯᠡᠭᠰᠡᠨ ᠴᠠᠭ᠄
2024/4/15
      ᠡᠭᠦᠷᠭᠡ ᠲᠤᠰᠢᠶᠠᠯ      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠤᠳᠤᠷᠢᠳᠤᠯᠭ᠎ᠠ ᠶᠢᠨ ᠲᠠᠨᠢᠯᠴᠠᠭᠤᠯᠭ᠎ᠠ      ᠸᠠᠩ ᠶᠦᠩ ᠱᠧᠩ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠹᠧᠩᠵᠧᠨ ᠤ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠣᠯᠠᠨ ᠨᠡᠶᠢᠲᠡ ᠶᠢᠨ ᠬᠠᠮᠢᠶᠠᠷᠤᠯᠲᠠ ᠶᠢᠨ ᠤᠬᠠᠭᠠᠨ ᠤ ᠮᠠᠰᠲ᠋ᠧᠷ᠂ 2004 ᠣᠨ ᠤ 2 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1997 ᠣᠨ ᠤ 12 ᠰᠠᠷ᠎ᠠ ᠳᠤ ᠠᠵᠢᠯ ᠳᠤ ᠣᠷᠣᠪᠠ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃      ᠠᠵᠢᠯ ᠤᠨ ᠡᠭᠦᠷᠭᠡ ᠬᠠᠷᠢᠭᠤᠴᠠᠯᠭ᠎ᠠ      ᠲᠣᠭᠤᠷᠢᠭ ᠤᠨ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ᠂ ᠤᠰᠤᠨ ᠤ ᠶᠠᠪᠤᠳᠠᠯ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠪᠠᠶᠢᠭᠠᠯᠢ ᠶᠢᠨ ᠡᠬᠢ ᠪᠠᠶᠠᠯᠢᠭ ︵ᠣᠶ ᠰᠢᠭᠤᠶ ᠨᠤᠲᠤᠭ ᠪᠡᠯᠴᠢᠭᠡᠷ ᠤᠨ ᠬᠡᠰᠡᠭ︶᠂ ᠷᠠᠳᠢᠣ᠋ ᠲᠧᠯᠸᠢᠰ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ︔ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ᠎ᠠ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠦᠬᠠᠶ ᠬᠤᠲᠠ ᠶᠢᠨ ᠬᠠᠶ ᠱᠧᠩ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠤᠲᠠ ᠪᠠᠯᠭᠠᠰᠤᠨ ᠤ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠪᠣᠳᠠᠲᠠᠶ ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠦᠬᠠᠶ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ ︵ᠦᠬᠠᠶ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ︶᠂ ᠬᠠᠶᠢᠨᠠᠨ ᠤ ᠷᠠᠳᠢᠣ᠋ ᠲᠧᠯᠸᠢᠰ ᠤᠨ ᠠᠵᠢᠯ ᠤᠨ ᠥᠷᠲᠡᠭᠡ᠂ ᠷᠠᠳᠢᠣ᠋ ᠲᠧᠯᠸᠢᠰ ᠤᠨ ᠰᠦᠯᠵᠢᠶᠡᠨ ᠤ ᠬᠠᠶᠢᠨᠠᠨ ᠤ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号