2022 ᠣᠨ ᠳᠤ᠂ ᠦᠬᠠᠢ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠶᠢᠨ ᠬᠠᠶᠢᠨᠠᠨ | ᠲᠣᠭᠤᠷᠢᠭ ᠤᠨ ᠬᠤᠪᠢᠶᠠᠷᠢ ᠲᠤᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠦᠬᠦ ᠬᠦᠴᠦᠨ ᠢᠶᠠᠷ ᠢᠶᠠᠨ ᠬᠠᠶᠢᠨᠠᠨ ᠲᠣᠭᠤᠷᠢᠭ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠬᠦᠴᠦᠨ ᠵᠦᠢᠯ ᠤᠨ ᠪᠠᠲᠤᠯᠠᠭ᠎ᠠ ᠬᠠᠩᠭᠠᠵᠤ᠂ ᠵᠥᠪᠰᠢᠶᠡᠷᠡᠭᠰᠡᠨ ᠪᠣᠯᠪᠠᠴᠤ | ᠬᠠᠩᠭᠠᠭᠰᠠᠨ ᠦᠭᠡᠢ ᠵᠢᠴᠢ ᠰᠤᠯᠠ ᠪᠠᠶᠢᠭ᠎ᠠ ᠭᠠᠵᠠᠷ ᠰᠢᠷᠣᠢ ᠶᠢ ᠲᠦᠢᠯᠪᠤᠷᠢᠲᠠᠢ ᠪᠠᠶᠢᠴᠠᠭᠠᠬᠤ ᠠᠵᠢᠯ ᠢ ᠳᠠᠪᠠᠭᠤᠯᠤᠨ | ᠪᠡᠶᠡᠯᠡᠭᠦᠯᠵᠦ᠂ ᠣᠨ ᠤ ᠡᠭᠦᠷᠭᠡ ᠪᠠᠨ 132.61% ᠪᠠᠷ ᠪᠡᠶᠡᠯᠡᠭᠦᠯᠪᠡ᠃ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠠᠵᠢᠯ ᠢ ᠴᠢᠩᠭᠠᠳᠬᠠᠵᠤ᠂ 84 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ | ᠰᠢᠢᠳᠪᠦᠷᠢᠯᠡᠵᠦ᠂ ᠲᠣᠷᠭᠠᠵᠤ ᠬᠤᠷᠢᠶᠠᠭᠰᠠᠨ ᠵᠣᠭᠤᠰ ᠤᠨ ᠲᠤᠭ᠎ᠠ 3652.42 ᠲᠦᠮᠡᠨ ᠲᠥᠭᠦᠷᠢᠭ ᠲᠤ ᠬᠦᠷᠴᠡᠶ᠃ | ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠠᠯᠪᠠᠨ ᠵᠢᠷᠤᠮ ᠤᠨ ᠮᠣᠳᠣ ᠳᠠᠷᠢᠬᠤ | ᠬᠠᠷᠢᠭᠤᠴᠠᠯᠭ᠎ᠠ ᠶᠢᠨ ᠨᠣᠷᠮ᠎ᠠ᠂ ᠴᠢᠬᠢ ᠮᠣᠳᠣᠨ ᠤ ᠬᠢᠵᠢᠭ ᠤᠨ ᠪᠠᠶᠢᠴᠠᠭᠠᠯᠲᠠ ᠶᠢᠨ ᠨᠣᠷᠮ᠎ᠠ ᠴᠥᠮ 100% ᠳᠤ | ᠬᠥᠷᠪᠡ᠃ ᠡᠯ ᠬᠦᠢ ᠭᠧᠦ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ ᠠᠵᠢᠯ ᠤᠨ ᠶᠡᠷᠦᠩᠬᠡᠢ | ᠬᠡᠮᠵᠢᠶᠡᠨ ᠤ 89.64% ᠶᠢ ᠪᠡᠶᠡᠯᠡᠭᠦᠯᠪᠡ | 2023 ᠣᠨ ᠳᠤ᠂ ᠮᠠᠨ ᠤ ᠪᠣᠯᠤᠨ ᠬᠤᠪᠢᠶᠠᠷᠢ ᠲᠣᠪᠴᠢᠶᠠᠨ ᠤ ᠨᠥᠬᠦᠳ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ | ᠭᠤᠤᠯᠳᠠᠯᠭ᠎ᠠ ᠲᠠᠢ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠪᠠᠲᠤᠯᠠᠭ᠎ᠠ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ᠂ 2023 ᠣᠨ ᠳᠤ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠶ ᠵᠡᠷᠭᠡ ᠠᠵᠢᠯ ᠢ ᠰᠠᠶᠢᠲᠤᠷ ᠬᠢᠨ᠎ᠠ᠃ ᠬᠠᠤᠯᠢ | ᠬᠡᠷᠡᠭᠵᠢᠭᠦᠯᠬᠦ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠨᠢᠭᠡ ᠬᠡᠷᠡᠭ ᠢ | ᠵᠠᠯᠬᠠᠭᠠᠨ ᠰᠢᠢᠳᠬᠡᠵᠦ᠂ ᠨᠢᠭᠡ ᠭᠠᠵᠠᠷ ᠤᠨ ᠠᠵᠢᠯ ᠤᠨ ᠰᠡᠳᠬᠢᠮᠵᠢ ᠶᠣᠰᠣᠭᠠᠷ ᠠᠭᠤᠷᠬᠠᠶ ᠶᠢᠨ ᠡᠷᠬᠡ ᠶᠢ ᠡᠮᠬᠢᠯᠡᠨ | ᠨᠡᠶᠢᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ᠂ | ᠬᠦᠵᠦᠭᠦᠪᠴᠢᠨ ᠰᠢᠯᠢ ᠴᠣᠬᠤᠶ ᠶᠢᠨ ᠠᠭᠤᠷᠬᠠᠶ ᠶᠢᠨ ᠣᠷᠣᠨ ᠤ ᠵᠠᠰᠠᠯᠲᠠ ᠶᠢᠨ ᠠᠬᠢᠴᠠ ᠶᠢ ᠲᠦᠷᠭᠡᠳᠬᠡᠨ | ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ |