ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠵᠢᠩ ᠬᠠᠢ ᠫᠧᠩ ᠳᠤ ︽ᠣᠨᠴᠠ ᠲᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠵᠤ ᠵᠦ ᠶᠠᠩ ᠵᠦ ᠭᠦᠢ | ᠬᠠᠢ ᠴᠤᠤ ᠳᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠭᠤᠷᠪᠠᠳᠤᠭᠠᠷ | ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠬᠤ ᠲᠤᠬᠠᠢ ᠲᠣᠭᠲᠠᠭᠠᠯ | ︵2024 ᠣᠨ ᠤ 4 ᠰᠠᠷ᠎ᠠ ᠶᠢᠨ 18 ᠤ ᠡᠳᠦᠷ︶ | 2023 ᠣᠨ ᠤ 5 ᠰᠠᠷ᠎ᠠ ᠶᠢᠨ 30 ᠤ ᠡᠳᠦᠷ᠂ ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠬᠥᠮᠥᠨ | ᠰᠠᠭᠤᠯᠭᠠᠭᠰᠠᠨ ᠨᠢᠰᠬᠦ ᠣᠩᠭᠤᠴᠠ ᠶᠢ ᠠᠮᠵᠢᠯᠲᠠ ᠲᠠᠢ ᠬᠠᠷᠪᠤᠵᠤ᠂ ᠰᠠᠨᠰᠠᠷᠴᠢᠨ ᠵᠢᠩ ᠬᠠᠢ ᠫᠧᠩ᠂ ᠵᠦ ᠶᠠᠩ ᠵᠦ᠂ ᠭᠦᠢ | ᠬᠠᠢ ᠴᠤᠤ ᠨᠢᠰᠬᠦ ᠣᠩᠭᠤᠴᠠ ᠶᠢ ᠵᠢᠯᠣᠭᠤᠳᠤᠨ ᠲᠢᠶᠠᠨ ᠾᠧ ᠭᠤᠣᠯ ᠦᠷᠦᠭᠡ ᠳᠤ ᠠᠮᠵᠢᠯᠲᠠ ᠲᠠᠢ ᠣᠷᠣᠵᠤ᠂ | ᠲᠣᠭᠤᠷᠢᠯᠲᠠ ᠶᠢᠨ ᠵᠠᠮ ᠳᠤ 5 ᠰᠠᠷ᠎ᠠ ᠠᠶᠠᠯᠠᠵᠤ᠂ ᠤᠷᠢᠳ ᠬᠤᠵᠢᠳ 1 ᠤᠳᠠᠭ᠎ᠠ ᠦᠷᠦᠭᠡ ᠠᠴᠠ ᠭᠠᠷᠬᠤ ᠠᠵᠢᠯᠯᠠᠭ᠎ᠠ | ᠥᠷᠨᠢᠭᠦᠯᠵᠦ᠂ 1 ᠤᠳᠠᠭ᠎ᠠ ᠰᠠᠨᠰᠠᠷ ᠠᠴᠠ ᠬᠢᠴᠢᠶᠡᠯ ᠣᠷᠣᠵᠤ᠂ ᠠᠯᠢ ᠤᠯᠠᠨ ᠣᠭᠲᠠᠷᠭᠤᠢ ᠶᠢᠨ ᠰᠢᠨᠵᠢᠯᠡᠬᠦ ᠤᠬᠠᠭᠠᠨ ᠤ | ᠲᠤᠷᠰᠢᠯᠲᠠ ᠪᠣᠯᠣᠨ ᠬᠡᠷᠡᠭᠯᠡᠭᠡᠨ ᠤ ᠠᠴᠢᠶᠠᠯᠠᠯᠲᠠ ᠶᠢᠨ ᠲᠣᠭᠤᠷᠢᠯᠲᠠ ᠶᠢᠨ ᠵᠠᠮ ᠳᠠᠬᠢ ᠲᠤᠷᠰᠢᠯᠲᠠ ᠬᠢᠵᠦ᠂ ᠰᠠᠨᠰᠠᠷ ᠤᠨ | ᠦᠷᠳᠡᠭᠡ ᠶᠢᠨ ︽ᠭᠤᠷᠪᠠᠨ ᠦᠷᠦᠭᠡ ᠭᠤᠷᠪᠠᠨ ᠣᠩᠭᠤᠴᠠ︾ ᠶᠢᠨ ᠪᠦᠲᠦᠴᠡ ᠳᠣᠣᠷᠠᠬᠢ ᠲᠠᠪᠴᠠᠩ ᠤᠨ ᠬᠠᠮᠢᠶᠠᠷᠤᠯᠲᠠ | ᠠᠷᠠᠴᠢᠯᠠᠯᠲᠠ ᠶᠢ ᠪᠡᠶᠡᠯᠡᠭᠦᠯᠵᠦ᠂ 2023 ᠣᠨ ᠤ 10 ᠰᠠᠷ᠎ᠠ ᠶᠢᠨ 31 ᠤ ᠡᠳᠦᠷ ᠠᠮᠤᠷ ᠲᠦᠪᠰᠢᠨ ᠪᠤᠴᠠᠵᠤ ᠢᠷᠡᠪᠡ᠃ | ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠣᠯ ᠰᠠᠨᠰᠠᠷ ᠤᠨ | ᠥᠷᠲᠡᠭᠡ ᠶᠢ ᠪᠦᠭᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ | ᠢᠨᠵᠧᠨᠧᠷᠢᠩ ᠬᠡᠷᠡᠭᠯᠡᠭᠡᠨ ᠤ ᠪᠠ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠰᠠᠨ ᠤ ᠳᠠᠷᠠᠭᠠᠬᠢ ᠠᠩᠬᠠᠳᠠᠭᠴᠢ ᠬᠥᠮᠥᠨ | ᠰᠠᠭᠤᠯᠭᠠᠭᠰᠠᠨ ᠨᠢᠰᠦᠯᠲᠡ ᠶᠢᠨ ᠡᠭᠦᠷᠭᠡ ᠪᠠᠶᠢᠵᠤ᠂ ᠠᠩᠬ᠎ᠠ ᠤᠳᠠᠭ᠎ᠠ ᠰᠠᠨᠰᠠᠷ ᠤᠨ ᠵᠢᠯᠣᠭᠤᠴᠢ᠂ ᠰᠠᠨᠰᠠᠷ ᠤᠨ | ᠨᠢᠰᠦᠯᠲᠡ ᠶᠢᠨ ᠢᠨᠵᠧᠨᠧᠷ᠂ ᠠᠴᠢᠶᠠᠯᠠᠯᠲᠠ ᠶᠢᠨ ᠲᠤᠰᠬᠠᠢ ᠮᠡᠷᠭᠡᠵᠢᠯᠲᠡᠨ ᠵᠡᠷᠭᠡ 3 ᠲᠥᠷᠥᠯ ᠤᠨ ᠰᠠᠨᠰᠠᠷᠴᠢᠨ ᠬᠠᠮᠲᠤ ᠪᠠᠷ | ᠡᠭᠦᠷᠭᠡ ᠭᠦᠢᠴᠡᠳᠬᠡᠪᠡ᠂ ᠡᠨᠡ ᠨᠢ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠠᠯ᠎ᠠ ᠪᠠᠷ | ᠰᠢᠨ᠎ᠡ ᠠᠯᠬᠤᠮ ᠢ ᠠᠯᠬᠤᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ | ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠭᠰᠡᠨ ᠢ ᠬᠠᠷᠠᠭᠤᠯᠵᠤ᠂ ᠮᠠᠨ ᠤ ᠤᠯᠤᠰ ᠤᠨ ᠤᠯᠤᠰ ᠤᠨ ᠶᠡᠷᠦᠩᠬᠡᠢ | ᠬᠦᠴᠦᠨ ᠢ ᠳᠡᠭᠡᠭᠰᠢᠯᠡᠭᠦᠯᠭᠦ ᠪᠠ ᠳᠤᠮᠳᠠᠳᠤ ᠶᠢᠨ ᠦᠨᠳᠦᠰᠦᠲᠡᠨ ᠤ ᠨᠢᠭᠲᠠᠷᠠᠭᠤᠯᠬᠤ ᠬᠦᠴᠦᠨ ᠢ ᠴᠢᠩᠭᠠᠳᠬᠠᠬᠤ᠂ ᠪᠦᠭᠦ ᠨᠠᠮ | ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠡᠮᠡᠴᠡᠯ ᠤᠨ ᠵᠣᠷᠢᠭ ᠢ ᠬᠥᠭᠵᠢᠭᠡᠬᠦ᠂ | ᠪᠦᠯᠬᠦᠮᠳᠡᠨ ᠲᠡᠮᠡᠴᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠳᠤ ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ᠂ ᠰᠠᠨᠰᠠᠷᠴᠢᠨ᠂ | ᠺᠠᠳ᠋ᠷ ᠠᠵᠢᠯᠲᠠᠨ᠂ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠶᠢᠨ ᠤᠶᠤᠨ ᠤᠬᠠᠭᠠᠨ ᠪᠠ ᠬᠦᠴᠦ ᠬᠥᠯᠥᠰᠦ | ᠰᠢᠩᠭᠡᠵᠦ ᠪᠠᠶᠢᠨ᠎ᠠ᠃ ᠵᠢᠩ ᠬᠠᠢ ᠫᠧᠩ᠂ ᠵᠦ ᠶᠠᠩ ᠵᠦ᠂ ᠭᠦᠢ ᠬᠠᠢ ᠴᠤᠤ ᠨᠥᠬᠦᠷ ᠪᠣᠯ ᠡᠭᠦᠨ ᠤ ᠳᠣᠲᠣᠷᠠᠬᠢ ᠭᠠᠷᠮᠠᠭᠠᠢ | ᠲᠥᠯᠥᠭᠡᠯᠡᠭᠴᠢ ᠪᠣᠯᠣᠨ᠎ᠠ᠂ ᠲᠡᠳᠡ ᠡᠬᠡ ᠤᠯᠤᠰ ᠤᠨ ᠢᠶᠠᠨ ᠲᠥᠯᠥᠭᠡ ᠵᠢᠳᠬᠦᠬᠦ ᠪᠠᠷ ᠵᠣᠷᠢᠭ ᠰᠢᠭᠤᠳᠴᠤ᠂ ᠡᠭᠦᠷᠭᠡ | ᠬᠠᠷᠢᠭᠤᠴᠠᠯᠭ᠎ᠠ ᠳᠠᠭᠠᠨ ᠦᠨᠡᠨᠴᠢ ᠰᠢᠳᠤᠷᠭᠤ᠂ ᠠᠶᠤᠯ ᠲᠦᠭᠰᠢᠭᠦᠷᠢ ᠠᠴᠠ ᠰᠦᠷᠳᠡᠬᠦ ᠦᠭᠡᠢ᠂ ᠪᠦᠯᠬᠦᠮᠳᠡᠨ ᠬᠠᠮᠵᠢᠯᠴᠠᠵᠤ᠂ | ᠳᠡᠯᠡᠬᠡᠢ ᠳ᠋ᠠᠬᠢᠨ ᠳᠤ ᠬᠦᠴᠦᠷᠬᠡᠭ ᠶᠡᠭᠡ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠦᠴᠦᠨ | ᠴᠢᠳᠠᠯ ᠢ ᠬᠠᠷᠠᠭᠤᠯᠪᠠ᠃ ᠵᠢᠩ ᠬᠠᠢ ᠫᠧᠩ ᠨᠥᠬᠦᠷ 4 ᠤᠳᠠᠭ᠎ᠠ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ | ᠭᠦᠢᠴᠡᠳᠬᠡᠵᠦ᠂ 3 ᠤᠳᠠᠭ᠎ᠠ ᠵᠢᠭᠠᠪᠤᠷᠢ ᠥᠭᠬᠦ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠥᠮᠥᠨ ᠰᠠᠭᠤᠯᠭᠠᠭᠰᠠᠨ | ᠨᠢᠰᠦᠯᠲᠡ ᠶᠢᠨ ᠡᠭᠦᠷᠭᠡ ᠶᠢ ᠬᠠᠮᠤᠭ ᠤᠨ ᠤᠯᠠᠨ ᠭᠦᠢᠴᠡᠳᠬᠡᠭᠰᠡᠨ ᠳᠤᠮᠳᠠᠳᠤ ᠤᠯᠤᠰ ᠤᠨ ᠰᠠᠨᠰᠠᠷᠴᠢᠨ ᠪᠣᠯᠪᠠ᠃ ᠵᠦ ᠶᠠᠩ | ᠵᠦ ᠨᠥᠬᠦᠷ ᠡᠷᠡᠰ ᠰᠢᠭᠤᠷᠬᠠᠢ᠂ ᠵᠣᠷᠢᠭᠲᠠᠢ ᠥᠷᠢᠰᠦᠯᠳᠦᠵᠦ᠂ ᠨᠠᠷᠢᠨ ᠨᠢᠮᠪᠠᠢ ᠠᠵᠢᠯᠯᠠᠵᠤ᠂ ᠮᠠᠨ ᠤ ᠤᠯᠤᠰ ᠤᠨ | ᠠᠩᠬᠠᠳᠠᠭᠴᠢ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠬᠦ᠂ ᠦᠷᠦᠭᠡ ᠠᠴᠠ ᠭᠠᠷᠭᠠᠬᠤ | ᠠᠵᠢᠯᠯᠠᠭ᠎ᠠ ᠶᠢ ᠥᠷᠨᠢᠭᠦᠯᠬᠦ ᠰᠠᠨᠰᠠᠷ ᠤᠨ ᠠᠶᠠᠯᠠᠯ ᠤᠨ ᠨᠢᠰᠦᠯᠲᠡ ᠶᠢᠨ ᠢᠨᠵᠧᠨᠧᠷ ᠪᠣᠯᠪᠠ᠃ ᠭᠦᠢ ᠬᠠᠢ ᠴᠤᠤ ᠨᠥᠬᠦᠷ | ᠬᠠᠲᠠᠭᠤᠵᠢᠯᠲᠠᠢ ᠪᠣᠯᠪᠠᠰᠤᠷᠠᠵᠤ᠂ ᠳᠠᠪᠬᠤᠷ ᠳᠠᠪᠬᠤᠷ ᠬᠢᠨᠠᠨ ᠰᠢᠯᠭᠠᠯᠲᠠ ᠶᠢ ᠥᠩᠭᠡᠷᠡᠭᠡᠵᠦ᠂ ᠢᠷᠠᠭᠤ ᠠᠯᠳᠠᠷᠲᠠᠢ ᠪᠠᠷ | ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠤᠨ ᠨᠢᠰᠦᠯᠲᠡ ᠶᠢᠨ ᠳᠤᠭᠤᠶᠢᠯᠠᠩ ᠤᠨ ᠭᠡᠰᠢᠭᠦᠨ ᠢᠶᠠᠷ ᠰᠣᠩᠭᠤᠭᠳᠠᠵᠤ᠂ | ᠮᠠᠨ ᠤ ᠤᠯᠤᠰ ᠤᠨ ᠠᠩᠬᠠᠳᠠᠭᠴᠢ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠭᠰᠡᠨ | ᠠᠴᠢᠶᠠᠯᠠᠯᠲᠠ ᠶᠢᠨ ᠲᠤᠰᠬᠠᠢ ᠮᠡᠷᠭᠡᠵᠢᠯᠲᠡᠨ ᠪᠣᠯᠪᠠ᠃ ᠲᠡᠳᠡᠨ ᠤ ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ | ᠠᠶᠠᠯᠠᠯ ᠤᠨ ᠦᠢᠯᠡᠰ ᠲᠤ ᠦᠵᠡᠭᠦᠯᠦᠭᠰᠡᠨ ᠭᠠᠷᠮᠠᠭᠠᠢ ᠭᠠᠪᠢᠶ᠎ᠠ ᠵᠢᠳᠬᠦᠯ ᠢ ᠬᠥᠬᠢᠭᠦᠯᠦᠨ ᠰᠠᠶᠢᠰᠢᠶᠠᠬᠤ ᠶᠢᠨ ᠲᠤᠯᠠᠳᠠ᠂ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢᠩ | ᠬᠠᠢ ᠫᠧᠩ ᠨᠥᠬᠦᠷ ᠲᠤ ︽ᠣᠨᠴᠠ ᠲᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠵᠤ᠂ ᠵᠦ ᠶᠠᠩ ᠵᠦ᠂ | ᠭᠦᠢ ᠬᠠᠢ ᠴᠤᠤ ᠨᠥᠬᠦᠷ ᠲᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ | ︽ᠭᠤᠷᠪᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠬᠤ ᠪᠠᠷ ᠲᠣᠭᠲᠠᠪᠠ᠃ | ᠵᠢᠩ ᠬᠠᠢ ᠫᠧᠩ᠂ ᠵᠦ ᠶᠠᠩ ᠵᠦ᠂ ᠭᠦᠢ ᠬᠠᠢ ᠴᠤᠤ ᠨᠥᠬᠦᠷ ᠪᠣᠯ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠡᠷᠬᠢᠮ ᠳᠡᠭᠡᠳᠦ ᠦᠢᠯᠡᠰ ᠲᠤ ᠠᠮᠢ ᠪᠡᠶ᠎ᠡ ᠪᠠᠨ ᠵᠣᠷᠢᠭᠤᠯᠬᠤ ᠴᠠᠭ ᠦᠶ᠎ᠡ ᠶᠢᠨ | ᠬᠤᠰᠢᠭᠤᠴᠢ ᠮᠥᠨ᠂ ᠣᠷᠴᠢᠯᠠᠩ ᠢ ᠬᠠᠶᠢᠨ ᠰᠦᠪᠡᠭᠴᠢᠯᠡᠬᠦ᠂ ᠬᠦᠰᠡᠯ ᠵᠡᠭᠦᠳᠦ ᠪᠠᠨ ᠲᠡᠷᠭᠡᠯᠰᠢᠭᠦᠯᠬᠦ᠂ ᠰᠠᠨᠰᠠᠷ ᠤᠨ | ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠢᠱᠢᠶᠡᠴᠢ ᠮᠥᠨ᠃ ᠨᠠᠮ ᠤᠨ ᠲᠥᠪ ᠬᠤᠷᠢᠶ᠎ᠠ ᠶᠢᠨ | ᠤᠷᠢᠶᠠᠯᠠᠭ᠎ᠠ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠠᠶᠢᠰᠢᠶᠠᠨ ᠬᠥᠬᠢᠭᠦᠯᠦᠭᠳᠡᠭᠰᠡᠨ ᠰᠠᠨᠰᠠᠷᠴᠢᠨ ᠢᠶᠠᠷ ᠳᠠᠭᠤᠷᠢᠶᠠᠯ ᠪᠤᠯᠭᠠᠵᠤ᠂ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ | ᠪᠦᠯᠬᠦᠮᠳᠡᠵᠦ᠂ ︽ᠬᠤᠶᠠᠷ ᠪᠥᠮᠪᠦᠭᠡ ᠨᠢᠭᠡ ᠤᠳᠤ︾ ᠶᠢᠨ ᠵᠣᠷᠢᠭ ᠰᠠᠨᠠᠭ᠎ᠠ ᠪᠠ ᠬᠥᠮᠥᠨ ᠰᠠᠭᠤᠯᠭᠠᠭᠰᠠᠨ ᠰᠠᠨᠰᠠᠷ ᠤᠨ | ᠠᠶᠠᠯᠠᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ | ᠨᠢᠭᠡ ᠰᠡᠳᠬᠢᠯ ᠨᠢᠭᠡ ᠵᠣᠷᠢᠭ ᠢᠶᠠᠷ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠡᠷᠡᠮᠡᠬᠡᠶᠢᠯᠡᠨ | ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ | ᠲᠥᠯᠥᠭᠡ ᠪᠦᠯᠬᠦᠮᠳᠡᠨ ᠲᠡᠮᠡᠴᠡᠰᠦᠭᠡᠢ︕ | |