ᠯᠢᠦ ᠲᠢᠶᠠᠨ ᠴᠢᠩ
ᠨᠡᠶᠢᠲᠡᠯᠡᠭᠰᠡᠨ ᠴᠠᠭ᠄
2024/4/23
ᠲᠤᠰᠢᠶᠠᠯ᠄      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠᠤᠳᠤᠷᠢᠳᠤᠯᠭ᠎ᠠ ᠶᠢᠨ ᠲᠠᠨᠢᠯᠴᠠᠭᠤᠯᠭ᠎ᠠ᠄      ᠯᠢᠦ ᠲᠢᠶᠠᠨ ᠴᠢᠩ᠂ ᠡᠷᠡᠭᠲᠡᠢ᠂ ᠬᠢᠲᠠᠳ ᠦᠨᠳᠦᠰᠦᠲᠡᠨ᠂ 1984 ᠣᠨ ᠤ 2 ᠰᠠᠷ᠎ᠠ ᠳᠤ ᠲᠦᠷᠦᠵᠠᠢ᠂ ᠯᠢᠶᠣᠤᠨᠢᠩ ᠤᠨ ᠲᠢᠶᠧ ᠯᠢᠩ ᠤᠨ ᠬᠥᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2012 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2009 ᠣᠨ ᠤ 3 ᠰᠠᠷ᠎ᠠ ᠳᠤ ᠠᠵᠢᠯ ᠳᠤ ᠣᠷᠣᠪᠠ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃ᠠᠵᠢᠯ ᠤᠨ ᠡᠭᠦᠷᠭᠡ ᠬᠠᠷᠢᠭᠤᠴᠠᠯᠭ᠎ᠠ᠄      ᠲᠣᠭᠤᠷᠢᠭ ᠤᠨ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠪᠠᠶᠢᠭᠠᠯᠢ ᠶᠢᠨ ᠡᠬᠢ ᠪᠠᠶᠠᠯᠢᠭ ︵ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ ᠤᠨ ᠬᠡᠰᠡᠭ︶᠂ ᠷᠠᠳᠢᠣ᠋ ᠲᠧᠯᠸᠢᠰ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ︔ ᠵᠠᠩ ᠢᠦᠶ ᠲᠢᠶᠠᠨ ᠤ ᠳᠡᠳ᠋ ᠳᠠᠷᠤᠭ᠎ᠠ ᠶᠢ ᠬᠠᠪᠰᠤᠷᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ᠎ᠠ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠦᠬᠠᠶ ᠬᠤᠲᠠ ᠶᠢᠨ ᠬᠠᠶ ᠱᠧᠩ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢ ᠪᠣᠳᠠᠲᠠᠶ ᠬᠤᠪᠢᠳᠠᠨ ᠬᠠᠮᠢᠶᠠᠷᠤᠨ᠎ᠠ᠃ ᠦᠬᠠᠶ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠨᠠᠨ  ᠲᠣᠭᠤᠷᠢᠭ ᠤᠨ ᠬᠤᠪᠢᠶᠠᠷᠢ ᠲᠣᠪᠴᠢᠶ᠎ᠠ ︵ᠦᠬᠠᠶ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ︶᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠬᠤᠪᠢᠶᠠᠷᠢ ᠲᠣᠪᠴᠢᠶ᠎ᠠ᠂ ᠬᠠᠶᠢᠨᠠᠨ ᠲᠣᠭᠤᠷᠢᠭ ᠤᠨ ᠷᠠᠳᠢᠣ᠋ ᠲᠧᠯᠸᠢᠰ ᠤᠨ ᠠᠵᠢᠯ ᠤᠨ ᠥᠷᠲᠡᠭᠡ᠂ ᠷᠠᠳᠢᠣ᠋ ᠲᠧᠯᠸᠢᠰ ᠤᠨ ᠰᠦᠯᠵᠢᠶᠡᠨ ᠤ ᠬᠠᠶᠢᠨᠠᠨ ᠲᠣᠭᠤᠷᠢᠭ ᠤᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号