ᠬᠠᠶᠢᠨᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠤᠯᠠᠮᠵᠢᠯᠠᠯᠲᠤ ᠮᠣᠩᠭᠤᠯ ᠡᠮ ᠡᠮᠨᠡᠯᠭᠡ ᠶᠢᠨ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠶᠢ ᠲᠥᠰᠦᠪᠯᠡᠬᠦ ᠲᠤᠬᠠᠶ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/26
     ᠤᠮᠠᠷᠠᠲᠤ ᠶᠢᠨ ᠬᠠᠶᠢᠨᠠᠨ‌‍ᠲ᠋ᠣᠭᠤᠷᠢᠭ · ᠵᠤᠭᠠᠴᠠᠯ ᠤᠨ ᠪᠡᠯᠡᠭ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠲᠦᠷᠦᠯ ᠲᠡᠮᠳᠡᠭ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠮᠠᠷᠠᠲᠤ ᠶᠢᠨ ᠬᠠᠶᠢᠨᠠᠨ ᠲᠣᠭᠤᠷᠢᠭ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠪᠠ ᠠᠯᠳᠠᠷᠰᠢᠯ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠠᠶᠢᠨᠠᠨ ᠲᠣᠭᠤᠷᠢᠭ ᠤᠨ ᠰᠣᠶᠣᠯ ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠮᠠᠨᠪᠠᠷᠠᠰᠧᠩ ᠤᠨ ᠤᠯᠠᠮᠵᠢᠯᠠᠯᠲᠤ ᠮᠣᠩᠭᠤᠯ ᠡᠮ ᠡᠮᠨᠡᠯᠭᠡ ᠶᠢᠨ ᠪᠦᠲᠦᠭᠡᠭᠳᠡᠬᠦᠨ ᠳᠤ ᠴᠢᠭᠯᠡᠭᠦᠯᠦᠨ ᠪᠣᠭᠤᠳᠠᠯ ᠪᠠᠭᠯᠠᠭ᠎ᠠ ᠶᠢᠨ ᠲᠥᠰᠦᠪᠯᠡᠯ ᠤᠨ ᠲᠤᠬᠠᠢ ᠶᠢᠨ ᠲᠠᠯᠠᠪᠠᠢ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠠᠶᠢᠨᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠷᠠᠰᠠᠩ ᠰᠦᠮ᠎ᠡ ᠪᠠᠯᠭᠠᠰᠤ᠂  ᠷᠠᠰᠠᠩ ᠰᠦᠮ᠎ᠡ ᠶᠢᠨ ᠮᠣᠩᠭᠤᠯ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠵᠢᠴᠢ ᠥᠪᠥᠷ ᠮᠣᠩᠭᠤᠯ ᠤᠨ ᠵᠢᠤᠢ ᠬᠤᠢ ᠬᠥᠳᠡᠯᠭᠡᠭᠦᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠥᠪᠥᠷ ᠮᠣᠩᠭᠤᠯ ᠤᠨ ᠵᠢᠤᠢ ᠬᠤᠢ ᠬᠥᠳᠡᠯᠭᠡᠭᠦᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠤᠮᠠᠷᠠᠲᠤ ᠶᠢᠨ ᠬᠠᠶᠢᠨᠠᠨ ᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠠᠵᠢᠯ ᠳᠤ ᠵᠠᠳᠠᠯᠤᠯᠲᠠ ᠬᠢᠭᠰᠡᠨ ᠪᠥᠭᠡᠳ ᠰᠢᠯᠢᠳᠡᠭ ᠬᠡᠷᠡᠭ ᠤᠨ ᠵᠢᠱᠢᠶ᠎ᠡ ᠪᠠᠷ ᠪᠠᠷᠢᠮᠵᠢᠶᠠᠯᠠᠵᠤ᠂ ᠬᠡᠷᠬᠢᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ ᠲᠤᠬᠠᠶ ᠬᠤᠪᠢ ᠬᠥᠮᠦᠨ ᠤ ᠪᠣᠳᠣᠯ ᠢᠶᠠᠨ ᠢᠯᠡᠳᠬᠡᠭᠰᠡᠨ ᠪᠥᠭᠡᠳ ᠤᠮᠠᠷᠠᠲᠤ ᠶᠢᠨ ᠬᠠᠶᠢᠨᠠᠨ ᠤ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠪᠠ ᠮᠠᠨᠪᠠᠷᠠᠰᠠᠩ ᠤᠨ ᠤᠯᠠᠮᠵᠢᠯᠠᠯᠲᠤ ᠮᠣᠩᠭᠤᠯ ᠡᠮ ᠡᠮᠨᠡᠯᠭᠡ ᠶᠢᠨ ᠰᠣᠶᠣᠯ ᠢ ᠭᠦᠢᠴᠡᠳ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠰᠣᠶᠣᠯ ᠤᠨ ᠡᠭᠦᠳᠦᠯᠲᠡ ᠶᠢᠨ ᠲᠥᠯᠥᠪᠯᠡᠭᠡ ᠪᠠᠷ ᠬᠤᠲᠠ ᠶᠢᠨ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠦᠵᠡᠪᠡ᠃      ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠪᠣᠯ ᠨᠢᠭᠡ ᠭᠠᠵᠠᠷ ᠣᠷᠣᠨ ᠤ ᠰᠣᠶᠣᠯ ᠤᠨ ᠠᠭᠤᠯᠤᠭᠳᠠᠬᠤᠨ᠂ ᠲᠡᠤᠬᠡ ᠶᠢᠨ ᠠᠭᠤᠯᠤᠭᠳᠠᠬᠤᠨ᠂ ᠰᠣᠶᠣᠯ ᠤᠨ ᠬᠤᠷᠠᠮᠳᠤᠭᠤᠯᠤᠯ ᠤᠨ ᠶᠡᠷᠦᠩᠬᠡᠶᠢᠯᠡᠭᠰᠡᠨ ᠢᠯᠡᠷᠡᠯ ᠮᠥᠨ᠂ ᠡᠭᠦᠨ ᠤ ᠬᠠᠮᠲᠤ ᠰᠢᠨ᠎ᠡ ᠶᠢ ᠡᠭᠦᠳᠬᠦ ᠴᠢᠳᠠᠪᠤᠷᠢ ᠶᠢᠨ ᠲᠥᠪᠯᠡᠷᠡᠩᠭᠦᠶ ᠢᠯᠡᠷᠡᠯ ᠮᠥᠨ᠂ ᠪᠦᠲᠦᠭᠡᠯᠴᠢ ᠰᠡᠳᠬᠢᠮᠵᠢ ᠶᠢ ᠡᠭᠦᠳᠦᠨ ᠪᠦᠲᠦᠭᠡᠬᠦ ᠶᠢ ᠲᠤᠬᠠᠶ ᠶᠢᠨ ᠭᠠᠵᠠᠷ ᠤᠨ ᠣᠨᠴᠠᠯᠢᠭ ᠲᠤ ᠠᠭᠤᠰᠤᠯᠴᠠᠭᠤᠯᠤᠭᠰᠠᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠪᠣᠯᠭᠠᠵᠤ᠂ ᠵᠢᠭᠤᠯᠴᠢᠯᠠᠯ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠤᠯᠠᠮᠵᠢᠯᠠᠯ ᠠᠴᠠ ᠰᠣᠶᠣᠭᠠᠯᠠᠵᠤ ᠰᠢᠨ᠎ᠡ ᠰᠠᠨᠠᠭ᠎ᠠ ᠭᠠᠷᠭᠠᠵᠤ᠂ ᠰᠣᠶᠣᠯ ᠵᠢᠭᠤᠯᠴᠢᠯᠠᠯ ᠡᠷᠡᠭᠦᠯ ᠮᠡᠨᠳᠦ ᠰᠤᠪᠢᠯᠠᠯᠲᠠ ᠶᠢᠨ ᠠᠵᠤ ᠦᠢᠯᠡᠰ ᠢ ᠬᠥᠭᠵᠢᠭᠦᠯᠵᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠢᠯᠢᠳᠡᠭᠵᠢᠭᠦᠯᠦᠨ᠂ ᠪᠦᠲᠦᠭᠡᠭᠳᠡᠬᠦᠨ ᠢ ᠤᠮᠠᠷᠠᠲᠤ ᠣᠷᠣᠨ ᠢ ᠤᠬᠠᠭᠤᠯᠬᠤ ᠴᠢᠬᠤᠯᠠ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠶ᠃ ᠰᠣᠶᠣᠯ ᠵᠤᠭᠠᠴᠠᠯ ᠤᠨ ᠠᠭᠤᠰᠤᠯᠴᠠᠯ ᠤᠨ ᠠᠵᠠ ᠲᠣᠬᠢᠶᠠᠯ ᠪᠣᠯᠤᠨ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠰᠣᠶᠣᠯ ᠵᠤᠭᠠᠴᠠᠯ ᠤᠨ ᠠᠭᠤᠰᠤᠯᠴᠠᠯ ᠤᠨ ᠬᠡᠮᠵᠢᠶ᠎ᠡ ᠲᠠᠰᠤᠷᠠᠯᠲᠠ ᠦᠭᠡᠢ ᠭᠦᠨᠵᠡᠭᠡᠶᠢᠷᠡᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号