ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ 2024 ᠣᠨ ᠤ ᠭᠤᠷᠪᠠᠳᠤᠭᠠᠷ ᠤᠳᠠᠭᠠᠨ ᠤ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/26
     4 ᠰᠠᠷ᠎ᠠ ᠶᠢᠨ 15 ᠤ ᠡᠳᠦᠷ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯᠯᠠᠬᠤ ᠬᠤᠷᠢᠶ᠎ᠠ 2024 ᠣᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠢ ᠧᠨ ᠶᠦᠩ ᠬᠤᠷᠠᠯ ᠢ ᠡᠷᠭᠢᠯᠡᠵᠦ᠂ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠦᠢᠯᠡᠴᠢᠯᠡᠭᠡᠨ ᠤ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠪᠠᠶᠢᠭᠤᠯᠭ᠎ᠠ ᠶᠢᠨ ᠨᠠᠮ ᠤᠨ ᠡᠭᠦᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠣᠷᠣᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠣᠤᠷᠠᠭ︶︾᠂ ︽ᠬᠠᠶᠢᠨᠠᠨ ᠲᠣᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ ︵ᠬᠢᠨᠠᠨ ᠵᠥᠪᠯᠡᠬᠦ ᠨᠣᠤᠷᠠᠭ︶︾ ᠢ ᠭᠦᠨᠵᠡᠭᠡᠶ ᠰᠤᠷᠤᠯᠴᠠᠵᠤ᠂ ︽ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠭᠦᠷᠭᠡ ᠶᠢᠨ ᠨᠠᠷᠢᠨ ᠲᠠᠩᠰᠠ ︵ᠬᠢᠨᠠᠨ ᠵᠥᠪᠯᠡᠬᠦ ᠨᠣᠤᠷᠠᠭ︶︾ ᠶᠢ ᠰᠤᠳᠤᠯᠪᠠ᠃      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭᠠᠨ ᠤ ᠬᠦᠴᠦᠲᠡᠢ ᠭᠠᠷᠳᠠᠴᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠬᠤ ᠶᠢᠨ ᠴᠢᠬᠤᠯᠠ ᠪᠠᠲᠤᠯᠠᠭ᠎ᠠ ᠮᠥᠨ᠃ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠳᠤ ᠰᠠᠭᠤᠷᠢᠯᠠᠵᠤ᠂ ᠬᠠᠶᠢᠨᠠᠨ ᠤ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠡᠯ᠎ᠡ ᠵᠦᠢᠯ ᠤᠨ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠭᠤᠯᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ︽ᠬᠤᠶᠠᠷ ᠢ ᠲᠣᠭᠲᠠᠭᠠᠬᠤ︾ ᠶᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ᠂ ᠲᠤᠯᠭᠠᠮ ᠴᠢᠨᠠᠷ ᠪᠣᠯᠤᠨ ᠴᠠᠭ ᠬᠤᠭᠤᠴᠠᠭᠠᠲᠤ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠭᠤᠣᠯᠳᠠᠯᠭ᠎ᠠ ᠲᠠᠢ ᠡᠭᠦᠷᠭᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠲᠡᠷᠡ ᠬᠡᠪ ᠢᠶᠠᠷ ᠨᠢ ᠰᠤᠷᠤᠯᠴᠠᠬᠤ ᠶᠢ ᠰᠠᠶᠢᠲᠤᠷ ᠠᠳᠬᠤᠵᠤ᠂ ᠳᠦᠷᠢᠮ ᠲᠣᠭᠲᠠᠭᠠᠯ ᠳᠠᠷᠠᠭᠠᠯᠠᠨ ᠰᠤᠷᠤᠯᠴᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠤᠶᠤᠨ ᠲᠠᠷᠢᠬᠢᠨ ᠳᠠᠭᠠᠨ ᠬᠠᠳᠠᠩᠰᠢᠭᠤᠯᠵᠤ᠂ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠤᠨ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠠᠭᠤᠰᠤᠯᠴᠠᠭᠤᠯᠤᠨ ᠨᠡᠪᠲᠡᠷᠡᠭᠦᠯᠬᠦ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠦᠶ᠋ᠯᠡᠴᠢᠯᠡᠬᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ ᠤᠶᠠᠯᠳᠤᠭᠤᠯᠬᠤ ᠬᠡᠷᠡᠭᠲᠡᠶ︔ ︽ᠵᠢᠷᠭᠤᠭᠠᠨ ᠢᠨᠵᠧᠨᠧᠷᠢᠩ︾ ᠢ ᠠᠬᠢᠭᠤᠯᠬᠤ᠂ ᠬᠤᠲᠠ ᠶᠢᠨ ︽ᠠᠷᠪᠠᠨ ᠬᠤᠶᠠᠷ ᠵᠦᠶ᠋ᠯ ᠤᠨ ᠭᠤᠤᠯᠳᠠᠯᠭ᠎ᠠ ᠲᠠᠢ ᠠᠵᠢᠯ︾ ᠪᠠ ᠲᠣᠭᠤᠷᠢᠭ ᠤᠨ ︽ᠠᠷᠪᠠᠨ ᠬᠤᠶᠠᠷ ᠵᠦᠶ᠋ᠯ ᠤᠨ ᠭᠤᠤᠯᠳᠠᠯᠭ᠎ᠠ ᠲᠠᠢ ᠡᠭᠦᠷᠭᠡ︾᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠠᠴᠠ ᠲᠣᠭᠲᠠᠭᠠᠭᠰᠠᠨ 19 ᠵᠦᠶ᠋ᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠪᠠ︔ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠤᠨ ᠡᠩᠨᠡᠭᠡᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ᠂ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠪᠠ ᠬᠡᠷ ᠤᠨ ᠡᠭᠦᠳᠡᠨ ᠳᠠᠬᠢ ᠴᠢᠨᠠᠷ ᠰᠠᠶᠢᠲᠠᠶ ᠰᠤᠷᠭᠠᠭᠤᠯᠢ ᠶᠢ ᠰᠠᠶᠢᠲᠤᠷ ᠡᠷᠭᠢᠯᠡᠬᠦ ᠵᠡᠷᠭᠡ ᠭᠤᠤᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠪᠠ︔ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ᠂ ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠠᠵᠢᠯ ᠤᠨ ᠳᠠᠷᠤᠭᠠᠰᠤ ᠶᠢ ᠬᠥᠩᠭᠡᠷᠡᠭᠦᠯᠬᠦ ᠵᠡᠷᠭᠡ ᠲᠠᠢ ᠬᠠᠷᠢᠯᠴᠠᠨ ᠨᠡᠪᠲᠡᠷᠡᠯᠴᠡᠵᠦ᠂ ᠨᠢᠭᠡ ᠴᠤᠬᠴᠠᠵᠢᠭᠤᠯᠤᠨ ᠠᠬᠢᠭᠤᠯᠵᠤ᠂ ︽ᠭᠤᠷᠪᠠᠨ ᠤᠯᠠᠨ ᠭᠤᠷᠪᠠᠨ ᠤᠳᠠᠭᠠᠨ︾᠂ ︽ᠤᠳᠠᠭᠠᠨ ᠪᠦᠳᠦᠭᠦᠯᠢᠭ︾᠂ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾ ᠵᠡᠷᠭᠡ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠬᠡᠯᠪᠡᠷᠢᠴᠢ ᠦᠵᠡᠯ ᠢ ᠡᠷᠡᠰ ᠬᠤᠷᠢᠭᠯᠠᠵᠤ᠂ ︽ᠬᠤᠶᠠᠷ ᠲᠠᠯ᠎ᠠ ᠶᠢ ᠬᠥᠭᠡᠭᠡᠴᠡᠯᠳᠦᠬᠦ︾ ᠶᠢ ᠡᠷᠡᠰ ᠬᠤᠷᠢᠭᠯᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠵᠤ᠂ ᠴᠢᠩᠭ᠎ᠠ ᠰᠠᠬᠢᠯᠭ᠎ᠠ ᠪᠠᠲᠤ ᠪᠠᠷ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号