ᠳᠠᠶᠢᠴᠢᠨ ᠬᠠᠤᠯᠢᠴᠢ ᠦᠬᠦᠯᠡᠷᠦᠨ
ᠨᠡᠶᠢᠲᠡᠯᠡᠭᠰᠡᠨ ᠴᠠᠭ᠄
2024/4/26
     ᠭᠠᠴᠠᠭ᠎ᠠ ᠳᠤᠰᠬᠤᠨ ᠤ ᠡᠵᠡᠷᠬᠡᠭᠴᠢ ᠶᠢ ᠴᠤᠬᠢᠵᠤ᠂ ᠢᠯᠵᠢᠷᠮᠠᠯ ᠢ ᠰᠢᠢᠳᠬᠡᠨ᠂ ᠬᠦᠷᠦᠩᠬᠡ ᠬᠤᠭᠰᠢᠯ ᠢ ᠪᠠᠶᠢᠴᠠᠭᠠᠵᠤ᠂ ᠬᠠᠤᠯᠢ ᠪᠤᠰᠤ ᠪᠠᠷ ᠡᠵᠡᠯᠡᠵᠤ ᠬᠡᠷᠡᠭᠯᠡᠭᠰᠠᠨ ᠢ ᠨᠡᠬᠡᠮᠵᠢᠯᠠᠵᠤ᠂ ᠴᠢᠩᠭ᠎ᠠ ᠪᠠᠶᠢᠴᠠᠭᠠᠵᠤ ᠴᠢᠩᠭ᠎ᠠ ᠴᠤᠬᠢᠯᠳᠠ ᠦᠭᠴᠦ ᠪᠠᠶᠢᠭ᠎ᠠ ᠰᠦᠷ ᠬᠦᠴᠦᠨ ᠳ᠋ᠠ ᠠᠵᠢᠯᠯᠠᠭ᠎ᠠ ᠮᠠᠯᠴᠢᠨ ᠳᠦᠮᠠᠨ ᠢ ᠪᠠᠶᠠᠰᠬᠠᠵᠤ ᠪᠠᠶᠢᠨ᠎ᠠ᠃ ᠭᠠᠴᠠᠭ᠎ᠠ ᠳᠤᠰᠬᠤᠨ ᠢ ᠮᠠᠨᠳᠤᠭᠤᠯᠤᠨ ᠬᠦᠭᠵᠢᠬᠦᠯᠬᠦ ᠳᠤ ᠡᠷᠬᠡᠪᠰᠢ ᠬᠦᠳᠡᠭᠡ ᠳᠤᠰᠬᠤᠨ ᠮᠠᠯᠵᠢᠬᠤ ᠤᠷᠤᠨ ᠤ ᠡᠶ᠎ᠡ ᠵᠤᠬᠢᠴᠠᠯ ᠲᠠᠢ ᠳᠤᠭᠳᠠᠭᠤᠨ ᠡᠮᠬᠢ ᠳᠢᠭᠯᠢᠮ ᠲᠠᠢ᠂ ᠢᠳᠡᠪᠬᠢᠵᠢᠨ ᠦᠬᠡᠳᠡᠯᠡᠭᠰᠠᠨ᠂ ᠳᠦᠪ ᠭᠤᠤᠯᠴᠢ ᠰᠢᠳᠤᠷᠭᠤ ᠶᠤᠰᠤ ᠲᠠᠢ ᠨᠡᠶᠢᠬᠡᠮ ᠤᠨ ᠤᠯᠤᠰ ᠳᠦᠷᠦ ᠶᠢᠨ ᠤᠷᠴᠢᠨ ᠠᠬᠤᠢ ᠶᠢ ᠪᠠᠶᠢᠭᠤᠯᠤᠭᠰᠠᠨ ᠪᠠᠶᠢᠬᠤ ᠬᠡᠷᠡᠭᠳᠠᠢ᠃             ᠤᠷᠴᠢᠮ ᠤᠨ ᠵᠢᠯ ᠤᠳ ᠢᠶᠠᠷ ᠤᠯᠠᠨ ᠳᠦᠮᠠᠨ ᠤ ᠰᠢᠷᠦᠬᠦᠨ ᠳᠤᠰᠬᠠᠯ ᠲᠠᠢ ᠪᠤᠯᠤᠭᠰᠠᠨ ᠭᠠᠴᠠᠭ᠎ᠠ ᠳᠤᠰᠬᠤᠨ ᠤ ᠬᠠᠷ᠎ᠠ ᠬᠠᠷᠬᠢᠰ ᠬᠦᠴᠦᠨ ᠳᠤᠯᠤᠭᠠᠢ ᠦᠨᠳᠡᠶᠢᠭᠰᠠᠨ ᠪᠠᠶᠢᠳᠠᠯ ᠲᠠᠢ ᠪᠤᠯᠵᠤ᠂ ᠬᠠᠮᠳᠤ ᠶᠢᠨ ᠬᠦᠷᠦᠩᠬᠡ ᠬᠤᠭᠰᠢᠯ ᠶᠡᠭᠡ ᠪᠠᠷ ᠠᠯᠳᠠᠭᠳᠠᠵᠤ᠂ ᠭᠠᠵᠠᠷ ᠰᠢᠷᠤᠢ ᠨᠤᠳᠤᠭ ᠪᠡᠯᠴᠢᠬᠡᠷ ᠬᠦᠨᠳᠤ ᠨᠤᠴᠢᠳᠠᠢ ᠡᠪᠳᠡᠭᠳᠡᠵᠤ ᠭᠠᠵᠢᠭᠤ ᠰᠤᠷᠳᠠᠯ ᠰᠠᠮᠠᠭᠤᠷᠠᠨ ᠳᠡᠯᠬᠡᠷᠡᠭᠰᠠᠨ ᠵᠡᠷᠬᠡ ᠠᠰᠠᠭᠤᠳᠠᠯ ᠳᠤ ᠬᠠᠨᠳᠤᠭᠤᠯᠵᠤ ᠤᠯᠤᠰ ᠠᠴᠠ ᠤᠯᠠᠨ ᠤᠳᠠᠭᠠᠨ ᠤ ᠳᠤᠰᠬᠠᠢ ᠠᠵᠢᠯᠯᠠᠭ᠎ᠠ ᠶᠠᠪᠤᠭᠤᠯᠵᠤ᠂ ᠨᠢᠬᠡ ᠨᠢ ᠨᠢᠬᠡ ᠠᠴᠠ ᠪᠠᠨ ᠴᠢᠩᠭ᠎ᠠ ᠬᠦᠴᠦᠳᠠᠢ ᠨᠢᠬᠡ ᠨᠢ ᠨᠢᠬᠡ ᠠᠴᠠ ᠪᠠᠨ ᠬᠠᠳᠠᠭᠤ ᠰᠢᠢᠳᠮᠡᠬᠡᠢ ᠠᠷᠭ᠎ᠠ ᠬᠡᠮᠵᠢᠶ᠎ᠠ ᠠᠪᠴᠤ᠂ ᠬᠦᠳᠡᠭᠡ ᠳᠤᠰᠬᠤᠨ ᠮᠠᠯᠵᠢᠬᠤ ᠤᠷᠤᠨ ᠤ ᠡᠶ᠎ᠡ ᠵᠤᠬᠢᠴᠠᠯᠳᠤᠭᠰᠠᠨ ᠳᠦᠪ ᠭᠤᠤᠯᠴᠢ ᠰᠢᠳᠤᠷᠭᠤ ᠶᠤᠰᠤ ᠶᠢ ᠡᠪᠳᠡᠭᠰᠠᠨ ᠠᠵᠢᠯᠯᠠᠭ᠎ᠠ ᠤᠳ ᠢ ᠴᠢᠩᠭ᠎ᠠ ᠪᠠᠶᠢᠴᠠᠭᠠᠵᠤ ᠴᠢᠩᠭ᠎ᠠ ᠴᠤᠬᠢᠯᠳᠠ ᠦᠭᠴᠤ᠂ ᠤᠯᠠᠨ ᠳᠦᠮᠠᠨ ᠤ ᠡᠷᠬᠡ ᠠᠰᠢᠭ ᠢ ᠬᠠᠮᠠᠭᠠᠯᠠᠵᠤ ᠨᠡᠶᠢᠬᠡᠮ ᠤᠨ ᠪᠠᠶᠢᠳᠠᠯ ᠢ ᠰᠠᠶᠢᠵᠢᠷᠠᠭᠤᠯᠤᠭᠰᠠᠨ ᠶᠤᠮ᠃ ᠤᠳᠤᠬᠠᠨ ᠳᠤ ᠬᠠᠷ᠎ᠠ ᠶᠢ ᠰᠢᠬᠦᠷᠳᠡᠵᠤ ᠬᠠᠷᠬᠢᠰ ᠢ ᠠᠷᠢᠯᠭᠠᠬᠤ ᠳᠤᠰᠬᠠᠢ ᠳᠡᠮᠡᠴᠡᠯ ᠦᠨᠳᠦᠰᠦᠨ ᠱᠠᠳᠤᠨ ᠤ ᠤᠯᠤᠰ ᠳᠦᠷᠦ ᠶᠢᠨ ᠪᠦᠳᠦᠬᠡᠨ ᠪᠠᠶᠢᠭᠤᠯᠤᠯᠳᠠ᠂ ᠢᠯᠵᠢᠷᠮᠠᠯ ᠢ ᠡᠰᠡᠷᠬᠦᠴᠡᠬᠦ᠂ ᠭᠠᠴᠠᠭ᠎ᠠ ᠳᠤᠰᠬᠤᠨ ᠤ ᠬᠤᠶᠠᠷ ᠵᠦᠪᠯᠠᠯ  ᠤᠨ ᠬᠠᠯᠠᠭ᠎ᠠ ᠰᠤᠩᠭᠠᠭᠤᠯᠢ ᠲᠠᠢ ᠨᠢᠭᠳᠠ ᠤᠶᠠᠯᠳᠤᠭᠤᠯᠵᠤ ᠳᠤᠤᠷᠠᠬᠢ ᠳᠠᠪᠤᠨ ᠵᠦᠢᠯ ᠤᠨ ᠬᠠᠷ᠎ᠠ ᠬᠠᠷᠬᠢᠰ ᠬᠦᠴᠦᠨ  ᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠬᠡᠷᠡᠭᠳᠠᠢ᠃           1. ᠭᠠᠴᠠᠭ᠎ᠠ ᠳᠤᠰᠬᠤᠨ ᠤ ᠡᠵᠡᠷᠬᠡᠭᠴᠢ ᠶᠢ ᠴᠢᠩᠭ᠎ᠠ ᠰᠢᠢᠳᠬᠡᠬᠦ ᠬᠡᠷᠡᠭᠳᠠᠢ᠃ ᠤᠷᠴᠢᠮ ᠤᠨ ᠵᠢᠯ ᠤᠳ ᠲᠤ ᠭᠠᠴᠠᠭ᠎ᠠ ᠳᠤᠰᠬᠤᠨ ᠤ ᠡᠵᠡᠷᠬᠡᠭᠴᠢ ᠳᠤᠭᠰᠢᠷᠠᠵᠤ᠂ ᠵᠠᠷᠢᠮ ᠬᠦᠮᠦᠨ ᠬᠠᠮᠳᠤ ᠶᠢᠨ ᠬᠦᠷᠦᠩᠬᠡ ᠬᠤᠭᠰᠢᠯ᠂ ᠭᠠᠵᠠᠷ ᠰᠢᠷᠤᠢ ᠨᠤᠳᠤᠭ ᠪᠡᠯᠴᠢᠬᠡᠷ ᠢ ᠬᠦᠴᠦᠷᠬᠡᠶᠢᠯᠡᠨ ᠡᠵᠡᠮᠰᠢᠵᠤ ᠠᠮᠢᠨᠴᠢᠯᠠᠨ᠂ ᠰᠠᠳᠤᠨ ᠰᠦᠯᠪᠡᠭᠡ ᠪᠠᠷ ᠢᠶᠠᠨ ᠬᠠᠮᠰᠠᠨ ᠬᠠᠷᠬᠢᠰᠯᠠᠵᠤ᠂ ᠤᠯᠠᠨ ᠳᠦᠮᠠᠨ ᠤ ᠡᠷᠬᠡ ᠠᠰᠢᠭ ᠢ ᠬᠦᠨᠦᠬᠡᠭᠰᠠᠨ ᠪᠠᠶᠢᠵᠤ᠂ ᠨᠠᠮ ᠵᠠᠰᠠᠭ ᠪᠤᠯᠤᠨ ᠠᠷᠠᠳ ᠳᠦᠮᠠᠨ  ᠤ ᠬᠠᠷᠢᠴᠠᠭ᠎ᠠ ᠶᠢ ᠡᠪᠳᠡᠵᠤ᠂ ᠳᠤᠶᠢᠯ ᠤᠨ ᠮᠠᠭᠤ ᠨᠦᠯᠦᠬᠡ ᠶᠢ ᠭᠠᠷᠭᠠᠭᠰᠠᠨ ᠪᠠᠶᠢᠨ᠎ᠠ᠃           2. ᠤᠯᠠᠨ ᠳᠦᠮᠠᠨ ᠤ ᠳᠡᠷᠬᠡᠳᠠᠬᠢ ᠢᠯᠵᠢᠷᠮᠠᠯ ᠢ ᠴᠢᠩᠭ᠎ᠠ ᠰᠢᠢᠳᠬᠡᠬᠦ ᠬᠡᠷᠡᠭᠳᠠᠢ᠃ ᠵᠠᠷᠢᠮ ᠭᠠᠴᠠᠭ᠎ᠠ ᠳᠤᠰᠬᠤᠨ ᠤ ᠬᠤᠶᠠᠷ ᠵᠦᠪᠯᠡᠯ ᠤᠨ ᠪᠦᠷᠢᠯᠳᠦᠬᠦᠨ ᠭᠠᠵᠠᠷ ᠨᠤᠳᠤᠭ ᠢ ᠬᠤᠪᠢᠶᠠᠷᠢᠯᠠᠵᠤ ᠳᠠᠭᠠᠭᠠᠴᠢᠯᠠᠭᠤᠯᠬᠤ᠂ ᠭᠠᠵᠠᠷ ᠰᠢᠷᠤᠢ ᠳᠠᠳᠠᠪᠤᠷᠢᠯᠠᠭᠰᠠᠨ ᠨᠦᠬᠦᠪᠤᠷᠢ ᠮᠦᠡᠭᠬᠦ ᠶᠢ ᠬᠤᠪᠢᠶᠠᠷᠢᠯᠠᠬᠤ᠂ ᠬᠠᠮᠳᠤ ᠶᠢᠨ ᠬᠦᠷᠦᠩᠬᠡ ᠬᠤᠭᠰᠢᠯ ᠢ ᠬᠠᠮᠢᠶᠠᠷᠠᠬᠤ ᠵᠡᠷᠬᠡ ᠠᠰᠠᠭᠤᠳᠠᠯ ᠳᠡᠬᠡᠷ᠎ᠡ ᠰᠠᠳᠤᠨ ᠰᠦᠯᠪᠡᠭᠡ ᠳᠡᠭᠡᠨ ᠠᠰᠢᠭ ᠬᠦᠷᠳᠡᠬᠡᠨ᠂ ᠰᠠᠶᠢᠨ ᠠᠬ᠎ᠠ ᠳᠡᠬᠦᠦ  ᠪᠠᠨ ᠬᠠᠷᠭᠠᠯᠵᠠᠵᠤ᠂ ᠬᠡᠬᠡᠯᠢ ᠬᠠᠭ᠋ᠤᠯᠢ ᠢᠳᠡᠵᠤ᠂ ᠬᠠᠮᠳᠤ ᠶᠢᠨ ᠡᠳ᠋ ᠬᠦᠷᠦᠩᠬᠡ ᠵᠤᠭᠤᠰ ᠮᠦᠡᠭᠬᠦ ᠳᠤ ᠬᠤᠷᠤᠭᠤ ᠬᠢᠮᠤᠰᠤ ᠬᠦᠳᠡᠯᠬᠡᠵᠤ᠂ ᠭᠠᠴᠠᠭ᠎ᠠ ᠳᠤᠰᠬᠤᠨ ᠤ ᠬᠤᠶᠠᠷ ᠵᠦᠪᠯᠡᠯ ᠤᠨ ᠨᠡᠷ᠎ᠡ ᠬᠦᠨᠳᠦ ᠶᠢ ᠨᠤᠴᠢᠳᠠᠢ ᠭᠤᠳᠤᠭᠠᠭᠰᠠᠨ ᠪᠠᠶᠢᠨ᠎ᠠ᠃           3. ᠭᠠᠴᠠᠭ᠎ᠠ ᠳᠤᠰᠬᠤᠨ ᠤ ᠬᠠᠮᠳᠤ ᠶᠢᠨ ᠭᠠᠵᠠᠷ ᠰᠢᠷᠤᠢ ᠨᠤᠳᠤᠭ ᠪᠡᠯᠴᠢᠬᠡᠷ᠂ ᠡᠳ᠋ ᠬᠦᠷᠦᠩᠬᠡ ᠵᠤᠭᠤᠰ ᠮᠦᠡᠭᠬᠦ ᠶᠢ ᠴᠢᠩᠭ᠎ᠠ ᠨᠢᠮᠪᠠᠢ ᠴᠡᠪᠡᠷᠯᠡᠨ ᠪᠠᠶᠢᠴᠠᠭᠠᠬᠤ ᠬᠡᠷᠡᠭᠳᠠᠢ᠃ ᠡᠨᠡ ᠠᠵᠢᠯ ᠢ2017 ᠤᠨ ᠠᠴᠠ ᠭᠤᠷᠪᠠᠨ ᠵᠢᠯ  ᠤᠨ ᠬᠤᠭᠤᠴᠠᠭ᠎ᠠ ᠲᠠᠢ ᠬᠦᠢᠴᠠᠳᠬᠡᠬᠦ ᠪᠠᠷ ᠳᠦᠰᠦᠪᠯᠠᠵᠤ ᠪᠠᠶᠢᠨ᠎ᠠ᠃ ᠡᠨᠡ ᠵᠢᠯ ᠪᠤᠯ ᠵᠠᠩᠬᠢᠯᠭ᠎ᠠ ᠶᠢᠨ ᠨᠢᠬᠡ ᠵᠢᠯ ᠪᠤᠯᠤᠨ᠎ᠠ᠃ ᠵᠤᠷᠢᠯᠭ᠎ᠠ ᠨᠢ ᠠᠷᠠᠳ ᠳᠦᠮᠠᠨ ᠤ ᠡᠳ᠋ ᠬᠦᠷᠦᠩᠬᠡ ᠵᠤᠭᠤᠰ ᠮᠦᠡᠭᠬᠦ ᠶᠢ ᠠᠷᠠᠳ ᠳᠦᠮᠠᠨ ᠤ ᠭᠠᠵᠠᠷ  ᠲᠤ ᠡᠵᠡᠮᠰᠢᠬᠦᠯᠬᠦ ᠶᠢᠨ ᠳᠦᠯᠦᠬᠡ ᠶᠤᠮ᠃ ᠭᠠᠴᠠᠭ᠎ᠠ ᠳᠤᠰᠬᠤᠨ ᠤ ᠬᠠᠮᠳᠤ ᠶᠢᠨ ᠭᠠᠵᠠᠷ ᠰᠢᠷᠤᠢ ᠨᠤᠳᠤᠭ ᠪᠠᠯᠴᠢᠬᠡᠷ᠂ ᠡᠳ᠋ ᠬᠦᠷᠦᠩᠬᠡ᠂ ᠵᠤᠭᠤᠰ ᠮᠦᠡᠭᠬᠦ ᠪᠤᠯ ᠳᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠡᠳ᠋ ᠪᠠᠶᠠᠯᠢᠭ ᠮᠦᠨ᠃ ᠭᠠᠴᠠᠭ᠎ᠠ ᠳᠤᠰᠬᠤᠨ ᠢ ᠮᠠᠨᠳᠤᠭᠤᠯᠤᠨ ᠬᠦᠭᠵᠢᠬᠦᠯᠬᠦ ᠪᠤᠳᠠᠰ ᠤᠨ ᠰᠠᠭᠤᠷᠢ ᠪᠤᠯᠤᠨ᠎ᠠ᠃ ᠬᠡᠪᠡᠴᠤ ᠴᠦᠬᠡᠨ ᠪᠤᠰᠤ ᠭᠠᠴᠠᠭ᠎ᠠ ᠳᠤᠰᠬᠤᠨ ᠤ ᠬᠠᠮᠳᠤ ᠶᠢᠨ ᠡᠳ᠋ ᠪᠠᠶᠠᠯᠢᠭ ᠴᠦᠬᠡᠨ ᠳᠤᠭᠠᠨ ᠤ ᠬᠦᠮᠦᠨ ᠤ ᠭᠠᠵᠠᠷ ᠲᠤ ᠤᠷᠤᠵᠤ ᠳᠤᠭ᠎ᠠ ᠬᠡᠮᠵᠢᠶ᠎ᠠ ᠨᠢ ᠳᠤᠳᠤ ᠦᠭᠡᠢ᠂ ᠶᠠᠰᠤ ᠴᠢᠨᠠᠷ ᠨᠢ ᠬᠤᠪᠢᠷᠠᠭᠰᠠᠨ ᠪᠤᠶᠤ ᠰᠤᠯᠢᠭᠳᠠᠭᠰᠠᠨ ᠪᠠᠶᠢᠵᠤ᠂ ᠡᠵᠡᠩᠨᠡᠭᠰᠠᠨ ᠤᠷᠤᠯᠭ᠎ᠠ ᠪᠠᠯᠠᠷᠬᠠᠢ᠂ ᠡᠳ᠋ ᠬᠦᠷᠦᠩᠬᠡ ᠬᠤᠭᠤᠰᠤᠷᠠᠵᠤ᠂ ᠦᠷᠢ ᠰᠢᠷᠢ ᠳᠤ ᠪᠠᠷᠢᠭᠳᠠᠵᠤ᠂ ᠤᠯᠠᠨ ᠳᠦᠮᠠᠨ ᠤ ᠳᠠᠷᠤᠭᠠᠰᠤ ᠪᠤᠯᠤᠭᠰᠠᠨ ᠪᠠᠶᠢᠨ᠎ᠠ᠃           4. ᠨᠦᠬᠦᠪᠦᠷᠢ ᠮᠦᠡᠭᠬᠦ ᠳᠤᠤᠷ᠎ᠠ ᠪᠠᠳᠤᠯᠭ᠎ᠠ ᠶᠢ ᠮᠡᠬᠡᠯᠡᠵᠤ ᠠᠪᠤᠭᠰᠠᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠠᠬᠦ ᠬᠡᠷᠡᠭᠳᠠᠢ᠃           5. ᠬᠠᠤᠯᠢ ᠪᠤᠰᠤ ᠪᠠᠷ ᠨᠤᠳᠤᠭ ᠪᠠᠯᠴᠢᠬᠡᠷ ᠡᠵᠡᠯᠡᠵᠤ ᠠᠮᠢᠨᠴᠢᠯᠠᠨ ᠡᠵᠡᠯᠡᠭᠰᠠᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠰᠢᠢᠳᠪᠤᠷᠢᠯᠠᠬᠦ ᠬᠡᠷᠡᠭᠳᠠᠢ᠃ ᠤᠷᠴᠢᠮ ᠤᠨ ᠵᠢᠯ ᠤᠳ ᠢᠶᠠᠷ ᠭᠠᠴᠠᠭ᠎ᠠ ᠳᠤᠰᠬᠤᠨ ᠤ ᠤᠳᠤᠷᠢᠳᠤᠯᠭ᠎ᠠ᠂ ᠺᠠᠳᠠᠷ ᠠᠵᠢᠯᠳᠠᠨ᠂ ᠨᠠᠰᠤᠨ ᠤ ᠠᠮᠠᠷᠠᠯᠳᠠ ᠪᠠᠨ ᠠᠪᠤᠭᠰᠠᠨ ᠬᠦᠮᠦᠨ᠂ ᠠᠵᠤ ᠠᠬᠤᠶᠢᠯᠠᠯ᠂ ᠺᠤᠮᠫᠠᠨᠢ ᠬᠠᠤᠯᠢ ᠪᠤᠰᠤ  ᠪᠠᠷ ᠭᠠᠵᠠᠷ ᠨᠤᠳᠤᠭ ᠢ  ᠡᠵᠡᠷᠬᠡᠶᠢᠯᠠᠵᠤ  ᠠᠪᠤᠭᠰᠠᠨ   ᠶᠠᠪᠤᠳᠠᠯ   ᠬᠦᠨᠳᠦ  ᠨᠤᠴᠢᠳᠠᠢ  ᠤᠷᠤᠰᠢᠵᠤ  ᠪᠠᠶᠢᠨ᠎ᠠ᠃ ᠴᠢᠨᠠᠭᠰᠢᠯᠠᠪᠠᠯ ᠭᠠᠵᠠᠷ  ᠰᠢᠷᠤᠢ  ᠨᠤᠳᠤᠭ  ᠪᠠᠯᠴᠢᠬᠡᠷ  ᠢ  ᠡᠪᠳᠡᠯᠡᠭᠰᠠᠨ  ᠶᠠᠯᠠᠳᠤ  ᠠᠵᠢᠯᠯᠠᠭ᠎ᠠ  ᠰᠢᠷᠦᠬᠦᠰᠴᠤ  ᠪᠤᠢ᠃            ᠳᠡᠬᠡᠷᠡᠬᠢ ᠡᠳᠡᠬᠡᠷ ᠬᠠᠷ᠎ᠠ ᠬᠠᠷᠬᠢᠰ ᠬᠦᠴᠦᠨ ᠤ ᠶᠠᠯᠠᠳᠤ ᠠᠵᠢᠯᠯᠠᠭ᠎ᠠ ᠳᠤ ᠴᠢᠩᠭ᠎ᠠ ᠬᠦᠴᠦᠳᠠᠢ ᠴᠤᠬᠢᠯᠳᠠ ᠦᠭᠴᠦ ᠬᠠᠷ᠎ᠠ ᠬᠠᠷᠬᠢᠰ ᠢ ᠱᠦᠬᠦᠷᠳᠡᠵᠤ ᠠᠷᠢᠯᠭᠠᠬᠤ ᠶᠠᠪᠤᠳᠠᠯ ᠪᠤᠯ ᠡᠨᠡ ᠤᠳᠠᠭ᠎ᠠ ᠶᠢᠨ ᠳᠤᠰᠬᠠᠢ ᠳᠠᠮᠠᠴᠠᠯ ᠤᠨ ᠭᠤᠤᠯᠳᠠᠯᠭ᠎ᠠ ᠮᠦᠨ᠃ ᠮᠦᠨ ᠴᠦ ᠭᠠᠴᠠᠭ᠎ᠠ ᠳᠤᠰᠬᠤᠨ ᠢ ᠮᠠᠨᠳᠤᠭᠤᠯᠤᠨ ᠬᠦᠭᠵᠢᠬᠦᠯᠬᠦ ᠶᠢᠨ ᠪᠠᠳᠤᠯᠭ᠎ᠠ ᠪᠤᠯᠬᠤ ᠰᠠᠭᠤᠷᠢ ᠮᠦᠨ᠃ ᠦᠷᠬᠡᠨ ᠤᠯᠠᠨ ᠳᠦᠮᠠᠨ ᠦᠪᠡᠷᠰᠠᠳ ᠤᠨ ᠦᠨᠳᠦᠰᠦᠨ ᠠᠰᠢᠭ ᠢᠶᠠᠨ ᠬᠠᠮᠠᠭᠠᠯᠠᠵᠤ ᠴᠠᠭ ᠦᠶ᠎ᠠ  ᠶᠢᠨ ᠰᠢᠨ᠎ᠡ ᠬᠦᠳᠡᠭᠡ ᠳᠤᠰᠬᠤᠨ ᠮᠠᠯᠵᠢᠬᠤ ᠤᠷᠤᠨ ᠤ ᠢᠶᠠᠨ ᠡᠷᠬᠡ ᠠᠰᠢᠭ ᠢᠶᠠᠨ ᠬᠠᠮᠠᠭᠠᠯᠠᠵᠤ ᠰᠢᠨ᠎ᠡ ᠬᠦᠳᠡᠭᠡ ᠳᠤᠰᠬᠤᠨ ᠮᠠᠯᠵᠢᠬᠤ ᠤᠷᠤᠨ ᠢᠶᠠᠨ ᠳᠡᠭᠵᠢᠷᠡᠬᠦᠯᠤᠨ ᠬᠦᠭᠵᠢᠬᠦᠯᠬᠦ ᠶᠢᠨ ᠳᠦᠯᠦᠬᠡ ᠳᠤᠰᠬᠠᠢ ᠳᠠᠮᠠᠴᠠᠯ ᠳᠤ ᠢᠳᠡᠪᠬᠢᠳᠠᠢ ᠤᠷᠤᠯᠴᠠᠵᠤ ᠬᠠᠷ᠎ᠠ ᠬᠠᠷᠬᠢᠰ ᠬᠦᠴᠦᠨ ᠲᠠᠢ ᠡᠷᠰ ᠳᠡᠮᠡᠴᠡᠯ ᠬᠢᠬᠦ ᠬᠡᠷᠡᠭᠳᠠᠢ᠃        
 
ᠢᠷᠡᠯᠲᠡ᠄ ᠬᠤᠯᠪᠣᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号