ᠯᠢᠦ ᠵᠢᠶᠠᠨ ᠫᠢᠩ
ᠨᠡᠶᠢᠲᠡᠯᠡᠭᠰᠡᠨ ᠴᠠᠭ᠄
2024/4/30
      ᠡᠭᠦᠷᠭᠡ ᠲᠤᠰᠢᠶᠠᠯ      ᠲᠣᠭᠤᠷᠢᠭ ᠤᠨ ᠳᠡᠳ᠋ ᠳᠠᠷᠤᠭ᠎ᠠ      ᠤᠳᠤᠷᠢᠳᠤᠯᠭ᠎ᠠ ᠶᠢᠨ ᠲᠠᠨᠢᠯᠴᠠᠭᠤᠯᠭ᠎ᠠ      ᠯᠢᠦ ᠵᠢᠶᠠᠨ ᠫᠢᠩ᠂ ᠡᠷᠡᠭᠲᠡᠶ᠂ ᠬᠢᠲᠠᠳ ᠦᠨᠳᠦᠰᠦᠲᠡᠨ᠂ 1974 ᠣᠨ ᠤ 9 ᠰᠠᠷ᠎ᠠ ᠳᠤ ᠲᠦᠷᠦᠵᠠᠢ᠂ ᠱᠠᠨᠳᠦ᠋ᠩ ᠮᠤᠵᠢ ᠶᠢᠨ ᠴᠠᠩ ᠯᠧ ᠶᠢᠨ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2000 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1994 ᠣᠨ ᠤ 7 ᠰᠠᠷ᠎ᠠ ᠳᠤ ᠠᠵᠢᠯ ᠳᠤ ᠣᠷᠣᠪᠠ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠳᠡᠳ᠋ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠶᠢᠨᠠᠨ ᠤ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃      ᠠᠵᠢᠯ ᠤᠨ ᠡᠭᠦᠷᠭᠡ ᠬᠠᠷᠢᠭᠤᠴᠠᠯᠭ᠎ᠠ      ᠲᠣᠭᠤᠷᠢᠭ ᠤᠨ ᠳᠠᠷᠤᠭ᠎ᠠ ᠶᠢ ᠬᠠᠮᠵᠢᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠴᠠᠭᠠᠵᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠠᠵᠢᠯ ᠢ ᠡᠷᠬᠢᠯᠡᠵᠦ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠡᠷᠬᠢᠯᠡᠨ᠎ᠡ᠃ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠬᠠᠶᠢᠨᠠᠨ ᠤ ᠶᠡᠭᠡ ᠠᠩᠭᠢ ᠲᠠᠢ ᠬᠠᠷᠢᠯᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号