︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠵᠦ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/5/17
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 16 ᠤ ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 12 ᠰᠠᠷ᠎ᠠ ᠠᠴᠠ 2024  ᠣᠨ  ᠤ  3  ᠰᠠᠷ᠎ᠠ  ᠪᠤᠯᠲᠠᠯᠠᠭᠢ  ᠬᠤᠭᠤᠴᠠᠭᠠᠨ  ᠳᠠᠬᠢ  ᠬᠤᠯᠪᠣᠭᠳᠠᠯ  ᠪᠦᠬᠦᠢ  ᠴᠢᠬᠤᠯᠠ  ᠥᠭᠦᠯᠡᠯᠲᠡ  ᠶᠢᠨ  ᠲᠣᠪᠴᠢᠯᠠᠯ  ᠪᠣᠯᠣᠨ᠎ᠠ᠃      ᠵᠣᠬᠢᠶᠠᠯ ᠳᠤ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠣᠨ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠲᠡᠦᠬᠡᠲᠦ ᠴᠢᠨᠠᠷᠲᠠᠢ ᠠᠭᠤᠤ ᠶᠡᠭᠡ ᠠᠮᠵᠢᠯᠲᠠ ᠣᠯᠵᠠᠢ᠃ ᠡᠳᠡᠭᠡᠷ ᠵᠢᠯ ᠤᠨ ᠥᠭᠡᠷᠡᠴᠢᠯᠡᠯᠲᠡ ᠶᠢᠨ ᠠᠵᠢᠯ ᠢ ᠡᠷᠭᠢᠴᠡᠭᠦᠯᠪᠡᠯ ᠪᠢᠳᠡᠨ ᠤ ᠳᠤᠷᠠᠳᠤᠭᠰᠠᠨ ᠠᠯᠢ ᠤᠯᠠᠨ ᠰᠢᠨ᠎ᠡ ᠡᠭᠦᠳᠦᠭᠰᠡᠨ ᠤᠨᠤᠯ᠂ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ᠂ ᠠᠯᠢ ᠤᠯᠠᠨ ᠴᠢᠬᠤᠯᠠ ᠶᠡᠭᠡ ᠰᠢᠪᠲᠤᠯᠤᠯᠲᠠ ᠨᠢ ᠴᠥᠮ ᠬᠤᠪᠢᠰᠬᠠᠯ ᠤᠨ ᠴᠢᠨᠠᠷᠲᠠᠢ ᠪᠠᠶᠢᠵᠤ᠂ ᠥᠭᠡᠷᠡᠴᠢᠯᠡᠯᠲᠡ ᠨᠡᠭᠡᠭᠡᠯᠲᠡ ᠪᠠᠷ ᠨᠠᠮ ᠪᠣᠯᠣᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠤᠭᠰᠠᠨ ᠰᠢᠨ᠎ᠡ ᠪᠠᠶᠢᠳᠠᠯ ᠢ ᠡᠭᠦᠳᠴᠡᠢ ᠭᠡᠵᠦ ᠴᠢᠬᠤᠯᠠᠴᠢᠯᠠᠪᠠ᠃      ᠵᠣᠬᠢᠶᠠᠯ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠲᠠᠰᠤᠷᠠᠯᠲᠠ ᠦᠭᠡᠢ ᠵᠣᠬᠢᠴᠠᠵᠤ ᠦᠢᠯᠡᠳᠪᠦᠷᠢᠯᠡᠯ ᠤᠨ ᠬᠠᠷᠢᠴᠠᠭ᠎ᠠ ᠶᠢ ᠲᠣᠬᠢᠷᠠᠭᠤᠯᠤᠨ᠂ ᠠᠵᠤ ᠠᠬᠤᠢ ᠶᠢᠨ ᠰᠠᠭᠤᠷᠢ ᠳᠤ ᠲᠠᠰᠤᠷᠠᠯᠲᠠ ᠦᠭᠡᠢ ᠵᠣᠬᠢᠴᠠᠵᠤ ᠳᠡᠭᠡᠳᠦ ᠳᠠᠪᠬᠤᠷᠭ᠎ᠠ ᠶᠢ ᠬᠥᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠪᠢᠳᠡ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠷᠠᠳᠤᠨ ᠭᠠᠷᠭᠠᠭᠰᠠᠨ ᠨᠢ ᠳᠠᠷᠤᠢ ᠮᠠᠨ ᠤ ᠤᠯᠤᠰ ᠤᠨ ᠨᠡᠶᠢᠭᠡᠮ ᠤᠨ ᠦᠨᠳᠦᠰᠦᠨ ᠵᠥᠷᠢᠴᠡᠯ ᠤᠨ ᠬᠥᠳᠡᠯᠭᠡᠭᠡᠨ ᠤ ᠬᠤᠪᠢᠷᠠᠯᠲᠠ ᠳᠤ ᠵᠣᠬᠢᠴᠠᠭᠤᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ ᠥᠭᠡᠷᠡᠴᠢᠯᠡᠯᠲᠡ ᠨᠡᠭᠡᠭᠡᠯᠲᠡ ᠳᠤ ᠶᠠᠪᠤᠭᠳᠠᠬᠤ ᠴᠠᠭ ᠪᠠᠶᠢᠬᠤ ᠠᠴᠠ ᠪᠢᠰᠢ ᠲᠡᠭᠦᠰᠬᠦ ᠴᠠᠭ ᠭᠡᠵᠦ ᠪᠠᠶᠢᠬᠤ ᠦᠭᠡᠢ ᠶᠤᠮ᠃ ᠥᠭᠡᠷᠡᠴᠢᠯᠡᠯᠲᠡ ᠨᠡᠭᠡᠭᠡᠯᠲᠡ ᠳᠤ ᠪᠠᠰᠠ ᠴᠢᠭᠯᠡᠯ ᠲᠠᠢ᠂ ᠵᠣᠭᠰᠣᠯᠲᠠ ᠲᠠᠢ᠂ ᠵᠠᠷᠴᠢᠮ ᠲᠠᠢ ᠪᠠᠶᠢᠳᠠᠭ᠃ ᠮᠠᠨ ᠤ ᠴᠢᠭᠯᠡᠯ ᠪᠣᠯ ᠳᠠᠷᠤᠢ ᠨᠡᠶᠢᠭᠡᠮ ᠵᠢᠷᠤᠮᠲᠤ ᠪᠠᠶᠢᠭᠤᠯᠤᠯ ᠤᠨ ᠥᠪᠡᠷ ᠢ ᠪᠠᠨ ᠲᠡᠭᠦᠯᠳᠡᠷᠵᠢᠭᠦᠯᠬᠦ ᠪᠠ ᠬᠥᠭᠵᠢᠭᠦᠯᠬᠦ ᠶᠢ ᠲᠠᠰᠤᠷᠠᠯᠳᠠ ᠦᠭᠡᠢ ᠠᠬᠢᠭᠤᠯᠬᠤ ᠶᠠᠪᠤᠳᠠᠯ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠴᠢᠬᠤᠯᠠ ᠭᠠᠷᠳᠠᠴᠠ ᠪᠤᠯᠭᠠᠵᠤ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ ᠴᠢᠩᠭᠠᠷᠠᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠠᠢ᠂ ᠡᠨᠡ ᠪᠣᠯ ᠨᠠᠮ ᠤᠨ ᠲᠥᠪ ᠬᠤᠷᠢᠶ᠎ᠠ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢ ᠬᠢᠵᠦ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ᠂ ᠬᠠᠮᠵᠢᠯᠴᠠᠭ᠎ᠠ ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠯᠢᠶᠡᠰᠦᠯᠡᠵᠦ ᠪᠠᠶᠢᠭ᠎ᠠ ᠰᠠᠭᠠᠳ ᠲᠦᠭᠵᠢᠷᠡᠯ ᠤᠨ ᠠᠰᠠᠭᠤᠳᠠᠯ᠂ ᠬᠥᠭᠵᠢᠯᠲᠡ ᠶᠢᠨ ᠣᠷᠴᠢᠨ ᠨᠥᠬᠦᠴᠡᠯ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠲᠦᠪᠡᠭᠲᠡᠢ ᠠᠰᠠᠭᠤᠳᠠᠯ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠠᠴᠠ ᠲᠡᠷᠰᠯᠡᠭᠰᠡᠨ ᠲᠥᠪᠯᠡᠷᠡᠩᠭᠦᠢ ᠬᠠᠯᠠᠮᠰᠢᠯ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃   
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号