5 ᠳ᠋ᠤᠭᠠᠷ ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ | ᠭᠡᠷ ᠤᠨ ᠡᠷᠬᠢᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠲᠣᠪᠴᠢ | ᠮᠡᠳᠡᠭᠡᠯᠡᠯ ᠤᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠲᠤᠯᠠᠨ | ᠲᠤᠰᠢᠶᠠᠬᠤ ᠠᠰᠠᠷ ᠤᠨ ᠠᠵᠢᠯ ᠢ ᠦᠨᠡᠨ ᠬᠦ ᠰᠠᠶᠢᠲᠤᠷ ᠬᠢᠬᠦ ᠢᠵᠢ ᠲᠥᠬᠦᠷ ᠲᠥᠷᠥ ᠶᠢᠨ ᠪᠣᠳᠣᠯᠭ᠎ᠠ ᠶᠢᠨ ᠬᠤᠯᠪᠣᠭᠳᠠᠯ | ᠪᠦᠬᠦᠢ ᠪᠠᠶᠢᠳᠠᠯ ᠢ ᠲᠠᠨᠢᠯᠴᠠᠭᠤᠯᠪᠠ᠃ | ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠶᠠᠭ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ | ᠲᠥᠰᠥᠯ ᠤᠳ ᠤᠨ ᠪᠠᠲᠤᠯᠠᠨ ᠲᠤᠰᠢᠶᠠᠬᠤ ᠠᠰᠠᠷ ᠤᠨ ᠰᠢᠪᠲᠤᠯᠤᠯᠲᠠ ᠶᠢᠨ ᠠᠵᠢᠯ ᠤᠨ ᠲᠥᠰᠥᠯ ᠢ ᠨᠡᠶᠢᠲᠡᠯᠡᠨ᠂ | ᠲᠥᠰᠥᠯ ᠤᠳ ᠤᠨ ᠲᠣᠭᠲᠠᠭᠰᠠᠨ ᠴᠠᠭ ᠲᠤ ᠪᠠᠨ ᠲᠤᠭ᠎ᠠ ᠶᠣᠰᠣᠭᠠᠷ ᠴᠢᠨᠠᠷ ᠢ ᠪᠠᠲᠤᠯᠠᠨ ᠲᠤᠰᠢᠶᠠᠬᠤ ᠶᠢ ᠨᠢ ᠠᠬᠢᠭᠤᠯᠵᠤ᠂ | ᠰᠢᠯᠭᠠᠭᠠᠳ ᠬᠢᠷᠢ ᠲᠡᠩᠴᠡᠭᠰᠡᠨ ᠠᠰᠠᠷ ᠢ ᠭᠡᠷ᠎ᠡ ᠳᠤ ᠲᠣᠭᠲᠠᠭᠰᠠᠨ ᠬᠤᠭᠤᠴᠠᠭᠠᠨ ᠳᠤ ᠨᠢ ᠠᠷᠠᠳ ᠣᠯᠠᠨ ᠳᠤ ᠣᠯᠭᠤᠨ᠎ᠠ᠃ | ᠳᠤᠮᠳᠠᠳᠤ ᠤᠯᠤᠰ ᠤᠨ ᠠᠷᠠᠳ ᠤᠨ ᠪᠠᠩᠬᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠯᠲᠠ ᠵᠢᠭᠡᠯᠡᠯᠭᠡ | 3000 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠳ ᠢ ᠳᠡᠮᠵᠢᠨ ᠵᠣᠬᠢᠰᠲᠠᠢ ᠦᠨ᠎ᠡ ᠪᠠᠷ ᠪᠠᠷᠢᠵᠤ ᠳᠠᠭᠤᠰᠬᠠᠭᠰᠠᠨ ᠴᠤ ᠬᠤᠳᠠᠯᠳᠤᠵᠤ ᠭᠠᠷᠤᠭ᠎ᠠ ᠦᠭᠡᠢ | ᠲᠠᠸᠠᠷ ᠤᠨ ᠣᠷᠣᠨ ᠰᠠᠭᠤᠴᠠ ᠨᠤᠭᠤᠳ ᠢ ᠬᠤᠳᠠᠯᠳᠤᠨ ᠠᠪᠤᠭᠤᠯᠵᠤ᠂ ᠲᠦᠭᠡᠭᠡᠨ ᠬᠤᠳᠠᠯᠳᠤᠬᠤ ᠪᠤᠶᠤ ᠲᠦᠭᠡᠭᠡᠨ | ᠲᠦᠷᠢᠶᠡᠰᠦᠯᠡᠭᠦᠯᠬᠦ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ᠎ᠠ᠃ ᠣᠳᠣᠬᠠᠨ ᠳᠤ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠴᠤ ᠰᠤᠯᠠ ᠪᠠᠶᠢᠭ᠎ᠠ ᠭᠠᠵᠠᠷ ᠰᠢᠷᠣᠢ ᠶᠢ ᠵᠣᠬᠢᠰᠲᠠᠢ ᠰᠢᠢᠳᠪᠦᠷᠢᠯᠡᠬᠦ᠂ ᠦᠯᠡᠳᠡᠭᠡᠯ | ᠭᠠᠵᠠᠷ ᠰᠢᠷᠣᠢ ᠶᠢ ᠭᠦᠢᠯᠭᠡᠭᠡᠨ ᠲᠠᠢ ᠪᠣᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠪᠠᠷ ᠪᠡᠯᠡᠳᠬᠡᠵᠦ | ᠪᠠᠶᠢᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠢᠯᠡᠷᠬᠡᠶᠢᠯᠡᠬᠦ ᠳᠤ ᠪᠠᠨ᠂ | ᠬᠤᠳᠠᠯᠳᠤᠭᠠᠨ ᠤ ᠪᠠᠩᠬᠢ ᠶᠢ ᠵᠢᠯᠤᠭᠤᠳᠬᠤ ᠪᠠᠷ ᠳᠠᠮᠵᠢᠭᠤᠯᠤᠨ ᠬᠤᠲᠠ ᠶᠢᠨ ᠵᠣᠬᠢᠴᠠᠭᠤᠯᠬᠤ ᠲᠣᠭᠲᠠᠴᠠ ᠲᠠᠢ ᠢᠳᠡᠪᠬᠢᠲᠡᠢ | ᠵᠣᠯᠭᠠᠭᠤᠯᠵᠤ᠂ ᠣᠳᠣᠬᠠᠨ ᠳᠤ ᠬᠤᠳᠠᠯᠳᠤᠭᠠᠨ ᠤ ᠪᠠᠩᠬᠢ ᠨᠢᠭᠡᠨᠲᠡ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠪᠠᠷ | ︽ᠴᠠᠭᠠᠨ ᠳᠠᠩᠰᠠ︾ ᠳᠠᠬᠢ ᠲᠥᠰᠥᠯ ᠤᠳ ᠤᠨ 9350 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠨᠢᠭᠡᠨᠲᠡ ᠬᠢᠨᠠᠨ | ᠵᠥᠪᠰᠢᠶᠡᠷᠡᠪᠡ ᠭᠡᠵᠡᠢ᠃ | | |