ᠰᠢᠨᠬᠤᠸᠠ ᠬᠤᠷᠢᠶ᠎ᠠ ᠶᠢᠨ ᠵᠢᠨᠠᠨ ᠤ 5 ᠰᠠᠷ᠎ᠠ ᠶᠢᠨ 24 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠣᠶᠢᠷ᠎ᠠ ᠳᠤ ᠱᠠᠨᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ᠂ ᠱᠠᠨᠳᠦ᠋ᠩ ᠪᠦᠭᠦ ᠤᠯᠤᠰ ᠤᠨ | ᠬᠥᠭᠵᠢᠯᠲᠡ ᠶᠢᠨ ᠶᠡᠭᠡ ᠲᠠᠯ᠎ᠠ ᠳᠤ ᠪᠠᠶᠢᠷᠢ ᠪᠠᠨ ᠰᠠᠶᠢᠲᠤᠷ ᠲᠣᠭᠲᠠᠭᠠᠵᠤ᠂ ᠶᠡᠭᠡ ᠡᠭᠦᠷᠭᠡ ᠡᠭᠦᠷᠭᠡᠯᠡᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠦᠷᠭᠦᠯᠵᠢᠯᠡᠨ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠶᠢ ᠡᠭᠦᠳᠬᠦ ᠬᠦᠴᠦᠨ ᠢ ᠴᠢᠩᠭᠠᠳᠬᠠᠬᠤ ᠲᠠᠯ᠎ᠠ ᠪᠠᠷ ᠡᠮᠦᠨ᠎ᠡ ᠨᠢ | ᠬᠤᠰᠢᠭᠤᠷᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠴᠣᠭᠴᠠᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠱᠠᠨᠳᠦ᠋ᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | 5 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠰᠢ ᠶᠢᠨ ᠫᠢᠩ ᠱᠠᠨᠳᠦ᠋ᠩ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠯᠢᠨ ᠦ᠋ ᠪᠣᠯᠣᠨ ᠮᠤᠵᠢ ᠶᠢᠨ ᠳᠠᠷᠤᠭ᠎ᠠ ᠵᠧᠦ ᠨᠠᠢ ᠰᠢᠶᠠᠩ ᠤᠨ ᠪᠠᠷ᠎ᠠ ᠪᠤᠯᠣᠯᠭ᠎ᠠ ᠲᠠᠢ ᠪᠠᠷ ᠤᠷᠢᠳ | ᠬᠤᠵᠢᠳ ᠿᠢ ᠵᠣᠣ᠂ ᠵᠢᠨᠠᠨ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠪᠠ᠃ | 22 ᠤᠨ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠿᠢ ᠵᠤᠤ ᠭᠠᠷᠠᠮ ᠳᠤ ᠬᠦᠷᠴᠦ ᠰᠢᠨᠵᠢᠯᠡᠨ | ᠪᠠᠶᠢᠴᠠᠭᠠᠪᠠ᠃ ᠿᠢ ᠵᠣᠣ ᠭᠠᠷᠠᠮ ᠪᠣᠯ ᠡᠨᠧᠷᠭᠢ ᠪᠠ ᠶᠡᠭᠡ ᠬᠡᠮᠵᠢᠶᠡᠨ ᠤ ᠲᠦᠭᠦᠬᠡᠢ ᠮᠠᠲ᠋ᠧᠷᠢᠶᠠᠯ ᠢ ᠰᠢᠯᠵᠢᠭᠦᠯᠦᠨ | ᠲᠡᠭᠡᠭᠡᠪᠦᠷᠢᠯᠡᠬᠦ ᠴᠢᠬᠤᠯᠠ ᠰᠠᠭᠤᠷᠢᠨ ᠮᠥᠨ᠂ ᠣᠶᠢᠷ᠎ᠠ ᠶᠢᠨ ᠵᠢᠯ ᠳᠤ ᠣᠶᠤᠨᠴᠢᠯᠠᠬᠤ᠂ ᠪᠣᠬᠢᠷᠳᠤᠯ ᠦᠭᠡᠢ ᠪᠤᠯᠭᠠᠬᠤ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠷᠭᠢ ᠳᠠᠭᠠᠤ ᠨᠡᠭᠡᠭᠡᠯᠲᠡᠲᠤ ᠠᠦ᠋ᠲ᠋ᠣᠴᠢᠯᠠᠭᠰᠠᠨ ᠴᠢᠩᠭᠡᠯᠢᠭ ᠤᠨ ᠭᠠᠷᠠᠮ ᠢ | ᠪᠠᠶᠢᠭᠤᠯᠪᠠ᠃ | | | 5 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠱᠠᠨᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ ᠿᠢ ᠵᠤᠤ | ᠭᠠᠷᠠᠮ ᠳᠤ ᠭᠠᠷᠠᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ ᠡᠵᠡᠩᠨᠡᠯᠲᠡ ᠶᠢᠨ ᠠᠵᠢᠯᠲᠠᠨ᠂ | ᠲᠡᠭᠡᠭᠡᠪᠦᠷᠢ ᠶᠢᠨ ᠠᠵᠢᠯᠲᠠᠨ ᠢ ᠳᠣᠲᠣᠨᠣ ᠪᠠᠷ ᠲᠣᠬᠤᠨᠢᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠱᠠᠨᠳᠦ᠋ᠩ ᠮᠤᠵᠢ ᠶᠢᠨ ᠭᠠᠷᠠᠮ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠪᠠ ᠿᠢ ᠵᠤᠤ | ᠭᠠᠷᠠᠮ ᠤᠨ ᠲᠥᠯᠦᠪᠵᠢᠭᠦᠯᠭᠡ ᠪᠠᠶᠢᠷᠢᠰᠢᠭᠤᠯᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ | ᠠᠦ᠋ᠲ᠋ᠣᠴᠢᠯᠠᠭᠰᠠᠨ ᠴᠢᠩᠭᠡᠯᠢᠭ ᠤᠨ ᠭᠠᠷᠠᠮ ᠤᠨ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠿᠢ ᠵᠣᠣ ᠭᠠᠷᠠᠮ | ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ ᠰᠢᠨ᠎ᠡ ᠪᠠᠷ ᠪᠠᠶᠢᠭᠤᠯᠤᠭᠰᠠᠨ ᠭᠠᠷᠠᠮ ᠮᠥᠨ᠂ ᠣᠶᠢᠷ᠎ᠠ ᠶᠢᠨ ᠵᠢᠯ ᠳᠤ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠮᠵᠢᠯᠠᠯᠲᠤ ᠭᠠᠷᠠᠮ ᠢ | ᠣᠳᠣᠬᠢᠴᠢᠯᠠᠭᠰᠠᠨ ᠭᠠᠷᠠᠮ ᠪᠣᠯᠭᠠᠨ ᠥᠭᠡᠷᠡᠴᠢᠯᠡᠨ ᠲᠠᠰ ᠳᠡᠪᠰᠢᠭᠦᠯᠵᠦ᠂ ᠡᠳ᠋ ᠪᠠᠷᠠᠭ᠎ᠠ ᠣᠷᠣᠭᠤᠯᠵᠤ ᠭᠠᠷᠭᠠᠬᠤ | ᠬᠡᠮᠵᠢᠶ᠎ᠡ ᠨᠢ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠭᠰᠠᠨ ᠢᠶᠠᠷ ᠪᠠᠷᠠᠬᠤ ᠦᠭᠡᠢ ᠪᠠᠰᠠ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠲᠠᠰ ᠳᠡᠪᠰᠢᠭᠦᠯᠵᠦ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠲᠤᠷᠰᠢᠯᠭ᠎ᠠ ᠶᠢ ᠬᠤᠷᠠᠮᠳᠤᠭᠤᠯᠵᠠᠢ᠂ ᠡᠭᠦᠨ ᠢ ᠨᠤᠲᠠᠯᠠᠭᠤᠰᠢᠲᠠᠢ ᠪᠠᠶᠢᠨ᠎ᠠ ᠭᠡᠵᠡᠢ᠃ ᠰᠢ ᠶᠢᠨ ᠫᠢᠩ ᠭᠠᠷᠠᠮ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ ᠡᠵᠡᠩᠨᠡᠯᠲᠡ ᠶᠢᠨ ᠠᠵᠢᠯᠲᠠᠨ᠂ ᠲᠡᠭᠡᠭᠡᠪᠦᠷᠢ ᠶᠢᠨ ᠠᠵᠢᠯᠲᠠᠨ ᠢ ᠳᠣᠲᠣᠨᠣ ᠪᠠᠷ | ᠲᠣᠬᠤᠨᠢᠭᠤᠯᠵᠤ᠂ ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠷᠭᠦᠯᠵᠢᠯᠡᠨ ᠲᠡᠮᠡᠴᠡᠵᠦ᠂ ᠿᠢ ᠵᠤᠤ | ᠭᠠᠷᠠᠮ ᠤᠨ ᠬᠠᠮᠢᠶᠠᠷᠤᠯᠲᠠ ᠡᠵᠡᠩᠨᠡᠯᠲᠡ ᠶᠢ ᠲᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠪᠡ᠃ | | | ᠳᠠᠷᠠᠭ᠎ᠠ ᠨᠢ᠂ ᠰᠢ ᠶᠢᠨ ᠫᠢᠩ ᠿᠢ ᠵᠣᠤ ᠬᠤᠲᠠ ᠶᠢᠨ ᠨᠡᠷᠡᠨ ᠬᠡᠷᠡᠯᠳᠦ ᠳᠠᠯᠠᠢ ᠶᠢᠨ ᠡᠷᠭᠢ ᠶᠢᠨ | ᠨᠣᠭᠤᠭᠠᠷᠠᠭᠤᠯᠤᠭᠰᠠᠨ ᠵᠠᠮ ᠢ ᠰᠢᠨᠵᠢᠯᠡᠨ ᠪᠠᠶᠢᠴᠠᠭᠠᠪᠠ᠃ | 5 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠱᠠᠨᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 22 ᠤᠨ ᠦᠳᠡ ᠶᠢᠨ ᠬᠤᠶᠢᠨ᠎ᠠ᠂ ᠰᠢ ᠶᠢᠨ ᠫᠢᠩ ᠿᠢ ᠵᠤᠤ | ᠬᠤᠲᠠ ᠶᠢᠨ ᠨᠡᠷᠡᠨ ᠬᠡᠷᠡᠯᠳᠦ ᠳᠠᠯᠠᠢ ᠶᠢᠨ ᠡᠷᠭᠢ ᠶᠢᠨ ᠨᠣᠭᠤᠭᠠᠷᠠᠭᠤᠯᠤᠭᠰᠠᠨ ᠵᠠᠮ ᠳᠡᠭᠡᠷ᠎ᠡ ᠬᠤᠲᠠ ᠶᠢᠨ ᠠᠷᠠᠳ ᠪᠣᠯᠣᠨ | ᠵᠢᠭᠤᠯᠴᠢᠯᠠᠬᠰᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠣᠶᠢᠷ᠎ᠠ ᠶᠢᠨ ᠵᠢᠯ ᠠᠴᠠ᠂ ᠿᠢ ᠵᠤᠤ ᠬᠤᠳᠠ ᠲᠠᠯᠠᠢ ᠳᠠᠭᠠᠤ ᠶᠢᠨ ᠬᠤᠭᠤᠰᠤᠨ ᠲᠠᠯᠠᠪᠠᠢ ᠵᠢᠴᠢ ᠡᠷᠭᠢ ᠳᠠᠭᠠᠤ ᠶᠢᠨ | ᠡᠪᠳᠡᠭᠳᠡᠭᠰᠡᠨ ᠭᠠᠵᠠᠷ ᠤᠨ ᠠᠮᠢ ᠠᠬᠤᠢ ᠶᠢ ᠰᠡᠷᠭᠦᠭᠡᠨ ᠵᠠᠰᠠᠵᠤ᠂ 28 ᠺᠢᠯᠣᠮᠧᠳ᠋ᠷ ᠰᠢᠬᠠᠮ ᠤᠨ ᠨᠡᠷᠡᠨ ᠬᠡᠷᠡᠯᠳᠦ ᠲᠠᠯᠠᠢ ᠶᠢᠨ | ᠡᠷᠭᠢ ᠶᠢᠨ ᠨᠣᠭᠤᠭᠠᠷᠠᠭᠤᠯᠤᠭᠰᠠᠨ ᠵᠠᠮ ᠢ ᠪᠠᠶᠢᠭᠤᠯᠵᠤ᠂ ᠬᠤᠳᠠ ᠶᠢᠨ ᠠᠷᠠᠳ ᠪᠣᠯᠣᠨ ᠵᠢᠭᠤᠯᠴᠢᠯᠠᠬᠰᠠᠳ ᠲᠤ ᠬᠥᠳᠡᠯᠭᠡᠭᠡᠨ | ᠬᠢᠵᠦ ᠰᠡᠯᠡᠭᠦᠴᠡᠬᠦ ᠭᠠᠵᠠᠷ ᠬᠠᠩᠭᠠᠵᠠᠢ᠃ ᠰᠢ ᠶᠢᠨ ᠫᠢᠩ ᠨᠣᠭᠤᠭᠠᠷᠠᠭᠤᠯᠤᠭᠰᠠᠨ ᠵᠠᠮ ᠤᠨ ᠪᠦᠬᠦᠯᠢ ᠴᠣᠭᠴᠠ ᠶᠢᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠡᠷᠭᠦᠭᠡᠨ ᠵᠠᠰᠠᠭᠰᠠᠨ ᠤ ᠳᠠᠷᠠᠭᠠᠬᠢ | ᠲᠡᠯᠡᠶ ᠶᠢᠨ ᠡᠷᠭᠢ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ | ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠠᠰ ᠳᠡᠪᠰᠢᠭᠦᠯᠦᠭᠰᠡᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠭᠰᠡᠨ ᠠᠷᠭ᠎ᠠ ᠬᠢᠳᠡᠯ ᠪᠠ ᠦᠷ᠎ᠡ ᠪᠦᠲᠦᠮᠵᠢ ᠶᠢ ᠣᠶᠢᠯᠠᠭᠠᠬᠤ ᠶᠢᠨ ᠬᠠᠮᠲᠤ ᠬᠤᠲᠠ ᠶᠢᠨ ᠠᠷᠠᠳ ᠪᠣᠯᠣᠨ | ᠵᠢᠭᠤᠯᠴᠢᠯᠠᠬᠰᠠᠳ ᠲᠠᠢ ᠪᠠᠶᠢᠨ ᠳᠠᠭᠢᠨ ᠳᠣᠲᠣᠨᠣ ᠪᠠᠷ ᠶᠠᠷᠢᠯᠴᠠᠵᠤ ᠪᠠᠶᠢᠪᠠ᠃ ᠲᠡᠷᠡ᠂ ᠨᠣᠭᠤᠭᠠᠷᠠᠭᠤᠯᠤᠭᠰᠠᠨ ᠵᠠᠮ ᠢ | ᠪᠦᠲᠦᠭᠡᠨ ᠪᠠᠶᠢᠭᠤᠯᠤᠭᠰᠠᠨ ᠨᠢ ᠬᠤᠲᠠ ᠶᠢᠨ ᠠᠷᠠᠳ ᠤᠨ ᠬᠡᠷᠡᠭᠴᠡᠭᠡ ᠳᠤ ᠨᠡᠶᠢᠴᠡᠭᠰᠡᠨ᠂ ᠠᠷᠠᠳ ᠤᠨ ᠰᠡᠳᠬᠢᠯ ᠢ | ᠣᠯᠣᠭᠰᠠᠨ ᠶᠠᠪᠤᠳᠠᠯ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠠᠷᠠᠳ | ᠤᠯᠠᠨ ᠤ ᠠᠮᠢᠳᠤᠷᠠᠯ ᠢ ᠤᠯᠠᠮ ᠠᠴᠠ ᠤᠯᠠᠮ ᠰᠠᠶᠢᠵᠢᠷᠠᠭᠤᠯᠬᠤ ᠶᠠᠪᠤᠳᠠᠯ ᠮᠥᠨ᠃ ᠠᠮᠢ ᠠᠬᠤᠢ ᠣᠷᠴᠢᠨ ᠲᠣᠭᠤᠷᠢᠨ | ᠰᠠᠶᠢᠨ ᠪᠣᠯ ᠠᠷᠠᠳ ᠤᠯᠠᠨ ᠦᠨᠡᠨ ᠪᠣᠳᠠᠲᠠᠢ ᠵᠢᠷᠭᠠᠯᠲᠤ ᠲᠥᠷᠥᠭᠳᠡᠯ ᠲᠠᠢ ᠪᠣᠯᠣᠨ᠎ᠠ᠃ ᠣᠯᠠᠨ ᠢᠶᠠᠷ ᠢᠶᠠᠨ ᠬᠠᠮᠲᠤ ᠪᠠᠷ | ᠬᠥᠳᠡᠯᠦᠯᠴᠡᠵᠦ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ ᠬᠠᠮᠠᠭᠠᠯᠠᠬᠤ ᠬᠡᠷᠡᠭᠲᠡᠢ ᠭᠡᠵᠦ | ᠵᠢᠭᠠᠵᠤ ᠭᠠᠷᠭᠠᠵᠠᠢ᠃ | 24 ᠤ ᠦᠳᠡ ᠶᠢᠨ ᠡᠮᠦᠨ᠎ᠡ᠂ ᠰᠢ ᠶᠢᠨ ᠫᠢᠩ ᠵᠢᠨᠠᠨ ᠬᠤᠳᠠ ᠳᠤ ᠱᠠᠨᠳᠦ᠋ᠩ ᠮᠤᠵᠢ ᠶᠢᠨ ᠨᠠᠮ ᠤᠨ ᠬᠤᠷᠢᠶ᠎ᠠ | ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠨᠳᠦ᠋ᠩ ᠤᠨ ᠡᠯ᠎ᠡ | ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ᠱᠠᠨᠳᠦ᠋ᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ ᠶᠡᠬᠡᠬᠡᠨ | ᠠᠵᠢᠯ ᠶᠠᠪᠤᠳᠠᠯ ᠪᠦᠲᠦᠭᠡᠵᠦ ᠪᠣᠯᠣᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ | ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠪᠣᠯᠣᠨ | ᠲᠣᠭᠠᠴᠢᠯᠠᠭᠰᠠᠨ ᠠᠵᠤ ᠠᠬᠤᠢ ᠶᠢᠨ ᠠᠭᠤᠰᠤᠯᠴᠠᠭᠰᠠᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠪᠠᠳᠠᠷᠠᠭᠤᠯᠵᠤ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ | ᠬᠥᠭᠵᠢᠯᠲᠡ ᠶᠢᠨ ᠠᠷᠭ᠎ᠠ ᠮᠠᠶ᠋ᠢᠭ ᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ | ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠭᠦᠨᠵᠡᠭᠡᠢ ᠵᠣᠯᠭᠠᠭᠤᠯᠵᠤ᠂ ᠤᠮᠠᠷᠠᠲᠤ ᠣᠷᠣᠨ ᠤ | ᠠᠵᠤ ᠠᠬᠤᠢ ᠶᠢᠨ ᠴᠢᠬᠤᠯᠠ ᠨᠡᠮᠡᠭᠳᠡᠯ ᠤᠨ ᠲᠦᠢᠯ ᠪᠤᠯᠬᠤ ᠪᠠᠷ ᠴᠢᠷᠮᠠᠶᠢᠬᠤ ᠬᠡᠷᠡᠭᠲᠡᠢ᠃ ᠳᠠᠯᠠᠢ ᠲᠠᠩᠭᠢᠰ ᠤᠨ ᠡᠬᠢ | ᠪᠠᠶᠠᠯᠢᠭ ᠡᠯᠪᠡᠭ ᠳᠡᠯᠪᠡᠭ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠳᠠᠯᠠᠢ ᠲᠠᠩᠭᠢᠰ ᠢ ᠡᠪᠯᠡᠭᠦᠯᠦᠨ ᠵᠠᠰᠠᠵᠤ᠂ ᠳᠠᠯᠠᠢ | ᠲᠠᠩᠭᠢᠰ ᠢ ᠵᠣᠷᠢᠨ ᠬᠦᠴᠦᠷᠬᠡᠭᠵᠢᠵᠦ᠂ ᠳᠡᠯᠡᠬᠡᠢ ᠶᠢᠨ ᠳᠡᠰ ᠤᠨ ᠳᠠᠯᠠᠢ ᠲᠠᠩᠭᠢᠰ ᠤᠨ ᠭᠠᠷᠠᠮ ᠤᠨ ᠴᠤᠭᠯᠠᠷᠠᠯ ᠢ ᠴᠣᠭᠴᠠᠯᠠᠵᠤ᠂ | ᠤᠳᠤ ᠦᠶ᠎ᠡ ᠶᠢᠨ ᠳᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠱᠠᠨᠳᠦ᠋ᠩ ᠤᠨ ᠬᠢᠨ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠵᠣᠷᠢᠭᠲᠠᠢ | ᠴᠢᠷᠮᠠᠶᠢᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠵᠥᠷᠢᠴᠡᠯ ᠢ ᠰᠢᠢᠳᠪᠦᠷᠢᠯᠡᠬᠦ | ᠳᠡᠭᠡᠷ᠎ᠡ ᠬᠦᠴᠦ ᠲᠠᠯᠪᠢᠵᠤ᠂ ᠳᠦᠷᠢᠮ ᠢ ᠲᠡᠭᠦᠯᠳᠡᠷᠵᠢᠭᠦᠯᠬᠦ᠂ ᠲᠣᠭᠲᠠᠴᠠ ᠶᠢ ᠪᠦᠷᠢᠨᠰᠢᠭᠦᠯᠬᠦ᠂ ᠠᠮᠢᠵᠢᠷᠠᠯ ᠤᠨ ᠬᠦᠴᠦᠨ ᠢ | ᠬᠥᠭᠵᠢᠭᠡᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠲᠠᠯ᠎ᠠ ᠪᠠᠷ ᠪᠣᠳᠠᠲᠠᠢ ᠬᠦᠴᠦ ᠣᠷᠣᠭᠤᠯᠬᠤ ᠬᠡᠷᠡᠭᠲᠡᠢ᠃ ᠤᠯᠠᠨ | ᠤᠯᠤᠰ ᠤᠨ ᠪᠠᠷᠠᠭᠠᠨ ᠤ ᠭᠦᠢᠯᠭᠡᠭᠡᠨ ᠤ ᠶᠡᠭᠡ ᠵᠠᠮ ᠢ ᠢᠳᠡᠪᠬᠢᠲᠡᠢ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠣᠷᠣᠨ ᠤ | ᠬᠤᠯᠪᠤᠭᠠᠯᠠᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡᠲᠤ ᠵᠢᠱᠢᠶ᠎ᠡ | ᠦᠵᠡᠭᠦᠯᠭᠦ ᠣᠷᠣᠨ ᠢ ᠰᠠᠶᠢᠲᠤᠷ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠴᠢᠬᠤᠯᠠ ᠶᠡᠭᠡ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ | ᠳᠡᠭᠡᠳᠦ ᠴᠢᠳᠠᠪᠬᠢᠲᠤ ᠳᠡᠰ ᠤᠨ ᠲᠠᠪᠴᠠᠩ ᠢ ᠨᠢᠮᠪᠠᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠢ ᠰᠢᠯᠤᠭᠤᠳᠬᠠᠬᠤ ᠴᠢᠬᠤᠯᠠ ᠭᠤᠭᠴᠤᠭ᠎ᠠ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠱᠠᠨᠳᠦ᠋ᠩ ᠪᠣᠯ ᠲᠠᠷᠢᠶᠠᠯᠠᠩ ᠤᠨ ᠶᠡᠭᠡ ᠮᠤᠵᠢ᠂ ᠠᠮᠤ ᠪᠤᠳᠠᠭᠠᠨ ᠤ ᠶᠡᠭᠡ ᠮᠤᠵᠢ ᠮᠥᠨ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠶᠠᠰᠤ ᠴᠢᠨᠠᠷ ᠪᠣᠯᠣᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠢ ᠶᠡᠭᠡ ᠪᠠᠷ | ᠬᠥᠭᠵᠢᠭᠦᠯᠵᠦ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠥᠷᠲᠡᠭ ᠤᠨ | ᠬᠡᠯᠬᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠨᠠᠩ | ᠥᠨᠳᠥᠷ ᠲᠦᠪᠰᠢᠨ ᠪᠦᠬᠦᠢ ︽ᠱᠠᠨᠳᠦ᠋ᠩ ᠤᠨ ᠠᠮᠤ ᠶᠢᠨ ᠰᠠᠩ︾ ᠢ ᠪᠠᠶᠢᠭᠤᠯᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠮᠲᠤ ᠪᠠᠷ ᠪᠠᠶᠠᠵᠢᠬᠤ | ᠠᠷᠭ᠎ᠠ ᠵᠠᠮ ᠢ ᠥᠷᠭᠡᠳᠬᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠡᠶ᠎ᠡ | ᠵᠣᠬᠢᠴᠠᠩᠭᠤᠢ ᠲᠣᠭᠲᠠᠭᠤᠨ᠂ ᠤᠯᠠᠨ ᠲᠦᠮᠡᠨ ᠠᠵᠠ ᠵᠢᠷᠭᠠᠯ ᠲᠠᠢ ᠠᠵᠢᠯᠯᠠᠵᠤ ᠠᠮᠢᠳᠤᠷᠠᠬᠤ ᠰᠠᠶᠢᠨ ᠰᠠᠶᠢᠬᠠᠨ ᠪᠠᠶᠢᠳᠠᠯ ᠢ | ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠱᠠᠨᠳᠦ᠋ᠩ ᠰᠢᠨ᠎ᠡ ᠴᠠᠭ ᠦᠶ᠎ᠡ ᠶᠢᠨ ᠰᠣᠶᠣᠯ ᠤᠨ ᠡᠭᠦᠷᠭᠡ ᠶᠢ ᠡᠭᠦᠷᠭᠡᠯᠡᠵᠦ᠂ ᠰᠣᠶᠣᠯ ᠤᠨ | ᠴᠡᠴᠡᠭᠯᠡᠯ ᠬᠥᠭᠵᠢᠯ ᠢ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ | ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠶᠢ | ᠭᠦᠨᠵᠡᠭᠡᠢ ᠠᠭᠤᠳᠠᠯᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ | ᠬᠥᠭᠵᠢᠭᠦᠯᠬᠦ ᠶᠢ ᠪᠠᠷᠢᠮᠲᠠᠯᠠᠵᠤ᠂ ᠤᠯᠠᠨ ᠤᠯᠤᠰ ᠤᠨ ᠺᠦᠩᠽᠢ ᠶᠢᠨ ᠰᠣᠶᠣᠯ ᠤᠨ ᠨᠠᠶᠢᠷ ᠵᠡᠷᠭᠡ ᠪᠠᠷ ᠠᠴᠢᠶᠠᠯᠠᠪᠤᠷᠢ ᠪᠣᠯᠭᠠᠨ | ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠭᠦ ᠬᠡᠷᠡᠭᠲᠡᠢ᠃ ᠬᠤᠪᠢᠰᠬᠠᠯᠲᠤ ᠡᠬᠢ ᠪᠠᠶᠠᠯᠢᠭ ᠢ ᠰᠠᠶᠢᠲᠤᠷ ᠬᠠᠮᠠᠭᠠᠯᠠᠨ ᠠᠰᠢᠭᠯᠠᠵᠤ᠂ ᠢ ᠮᠧᠩ ᠤᠨ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠠᠬᠢᠭᠤᠯᠬᠤ | ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ | ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ | ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠰᠠᠶᠢᠲᠤᠷ ᠠᠳᠬᠤᠵᠤ᠂ ᠤᠳᠤ ᠦᠶ᠎ᠡ ᠶᠢᠨ ᠪᠣᠯᠪᠠᠰᠤᠨ ᠤ | ᠣᠶᠢᠯᠠᠭᠠᠭᠳᠠᠬᠤᠨ ᠢ ᠬᠥᠳᠡᠭᠡ ᠲᠣᠰᠬᠤᠨ ᠳᠤ ᠭᠦᠨ ᠦᠨᠳᠦᠰᠦᠯᠡᠭᠦᠯᠬᠦ ᠬᠡᠷᠡᠭᠲᠡᠢ᠃ ᠰᠣᠶᠣᠯ ᠤᠨ ᠦᠢᠯᠡᠰ ᠪᠠ ᠰᠣᠶᠣᠯ ᠤᠨ | ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠰᠢᠨ᠎ᠡ ᠶᠢ ᠡᠭᠦᠳᠦᠨ ᠬᠡᠷᠡᠭᠵᠢᠭᠦᠯᠵᠦ᠂ ᠰᠣᠶᠣᠯ ᠤᠨ ᠲᠣᠭᠠᠴᠢᠯᠠᠯᠲᠠ ᠶᠢ ᠶᠡᠭᠡ ᠪᠠᠷ ᠠᠬᠢᠭᠤᠯᠵᠤ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ ᠢᠶᠠᠷ ᠠᠵᠤ ᠠᠬᠤᠢ ᠶᠢᠨ ᠬᠥᠭᠵᠢᠯᠲᠡ ᠳᠤ ᠬᠥᠳᠡᠯᠭᠡᠭᠴᠢ ᠡᠨᠧᠷᠭᠢ ᠶᠢ ᠨᠡᠮᠡᠭᠳᠡᠭᠦᠯᠦᠨ ᠦᠷ᠎ᠡ ᠠᠰᠢᠭ ᠢ | ᠨᠡᠮᠡᠭᠳᠡᠭᠦᠯᠵᠦ᠂ ᠵᠢᠭᠤᠯᠴᠢᠯᠠᠯ ᠰᠡᠯᠡᠭᠦᠴᠡᠯ ᠳᠤ ᠠᠭᠤᠯᠤᠭᠳᠠᠬᠤᠨ ᠢ ᠨᠡᠮᠡᠭᠳᠡᠭᠦᠯᠦᠨ ᠷᠢᠳᠢ ᠰᠢᠳᠢ ᠶᠢ ᠨᠡᠮᠡᠭᠳᠡᠭᠦᠯᠵᠦ᠂ ᠬᠤᠳᠠ | ᠬᠥᠳᠡᠭᠡ ᠶᠢᠨ ᠨᠡᠶᠢᠭᠡᠮ ᠳᠤ ᠲᠥᠪ ᠰᠤᠷᠲᠠᠯ ᠢ ᠨᠡᠮᠡᠭᠳᠡᠭᠦᠯᠦᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠪᠦᠭᠦ ᠨᠠᠮ ᠤᠨ | ᠬᠡᠪᠴᠢᠶᠡᠨ ᠳᠤ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ | ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠡᠷᠬᠡᠪᠰᠢ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠢ᠃ ᠰᠡᠷᠡᠮᠵᠢᠯᠡᠭᠦᠯᠦᠯ ᠬᠥᠮᠦᠵᠢᠯ ᠢ ᠴᠢᠩᠭᠠᠳᠬᠠᠵᠤ᠂ ᠬᠡᠷᠡᠭ ᠤᠨ ᠵᠢᠰᠢᠶ᠎ᠡ ᠪᠠᠷ ᠰᠤᠷᠤᠯᠴᠠᠯᠭ᠎ᠠ ᠶᠢ | ᠠᠬᠢᠭᠤᠯᠬᠤ᠂ ᠬᠡᠷᠡᠭ ᠤᠨ ᠵᠢᠰᠢᠶ᠎ᠡ ᠪᠠᠷ ᠰᠠᠬᠢᠯᠭ᠎ᠠ ᠪᠠᠲᠤ ᠶᠢ ᠲᠠᠶᠢᠯᠪᠤᠷᠢᠯᠠᠬᠤ ᠶᠢ ᠰᠠᠶᠢᠲᠤᠷ ᠠᠳᠬᠤᠵᠤ᠂ ᠰᠡᠳᠬᠢᠯ ᠳᠡᠭᠡᠨ | ᠪᠢᠰᠢᠷᠡᠨ ᠵᠢᠷᠦᠬᠡᠰᠢᠶᠡᠬᠦ ᠪᠤᠳᠤᠯ ᠲᠠᠢ᠂ ᠴᠡᠭᠡᠷ ᠰᠠᠬᠢᠯ ᠲᠠᠢ ᠪᠠᠶᠢᠬᠤ ᠶᠢ ᠦᠨᠡᠨ ᠬᠦ ᠡᠳᠦᠷ ᠲᠤᠳᠤᠮ ᠤᠨ ᠤᠬᠠᠮᠰᠠᠷ | ᠪᠤᠯᠭᠠᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠰᠠᠬᠢᠯᠭ᠎ᠠ | ᠪᠠᠲᠤ ᠶᠢ ᠪᠦᠭᠦ ᠲᠠᠯ᠎ᠠ ᠪᠠᠷ ᠣᠶᠢᠯᠠᠭᠠᠨ ᠬᠡᠷᠡᠭᠵᠢᠭᠦᠯᠵᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ | ᠤᠷᠢᠲᠠᠯ ᠳᠣᠣᠷ᠎ᠠ᠂ ᠰᠠᠨᠠᠭ᠎ᠠ ᠠᠮᠤᠷ ᠠᠵᠢᠯᠯᠠᠵᠤ᠂ ᠵᠣᠷᠢᠭᠲᠠᠢ ᠠᠵᠢᠯᠯᠠᠵᠤ᠂ ᠰᠡᠳᠬᠢᠯ ᠰᠢᠭᠤᠳᠤᠨ ᠡᠷᠡᠯᠬᠡᠭᠯᠡᠨ | ᠤᠷᠤᠭᠰᠢᠯᠠᠵᠤ᠂ ᠢᠳᠡᠪᠬᠢᠲᠡᠢ ᠠᠵᠢᠯᠯᠠᠵᠤ᠂ ᠠᠷᠠᠳ ᠲᠦᠮᠡᠨ ᠢ ᠬᠥᠰᠡᠷᠳᠡᠭᠦᠯᠬᠦ ᠦᠭᠡᠢ᠂ ᠴᠠᠭ ᠦᠶ᠎ᠡ ᠶᠢ ᠬᠥᠰᠡᠷᠳᠡᠭᠦᠯᠬᠦ | ᠦᠭᠡᠢ ᠠᠮᠵᠢᠯᠲᠠ ᠪᠦᠲᠦᠮᠵᠢ ᠡᠭᠦᠳᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ | ᠲᠣᠭᠢᠶᠠᠯ ᠪᠤᠯᠭᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠳᠤ | ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠥᠭᠵᠢᠯᠲᠡ ᠪᠣᠯᠣᠨ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ ᠭᠡᠷ ᠭᠠᠵᠠᠷ ᠤᠨ ᠬᠥᠷᠥᠩᠭᠡ ᠵᠡᠷᠭᠡ ᠭᠤᠣᠯᠳᠠᠯᠭ᠎ᠠ ᠲᠠᠢ | ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠡᠭᠦᠰᠴᠦ ᠮᠡᠳᠡᠬᠦ | ᠦᠶᠡᠷ ᠤᠰᠤᠲᠤᠯ ᠵᠡᠷᠭᠡ ᠭᠠᠮᠰᠢᠭ ᠢ ᠡᠷᠲᠡᠬᠡᠨ ᠰᠡᠷᠭᠡᠶᠢᠯᠡᠵᠦ᠂ ᠡᠯ᠎ᠡ ᠬᠦᠷᠢᠶᠡᠨ ᠤ ᠠᠮᠤᠷ ᠲᠦᠪᠰᠢᠨ ᠤ ᠠᠶᠤᠯ | ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠭᠦ ᠲᠠᠯ᠎ᠠ ᠪᠠᠷ ᠴᠢᠩᠭᠠᠳᠬᠠᠵᠤ᠂ | ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ | ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | 5 ᠰᠠᠷ᠎ᠠ ᠶᠢᠨ 23 ᠤ ᠦᠳᠡ ᠶᠢᠨ ᠡᠮᠦᠨ᠎ᠡ᠂ ᠰᠢ ᠶᠢᠨ ᠫᠢᠩ ᠵᠢᠨᠠᠨ ᠳᠤ ᠰᠠᠭᠤᠭ᠎ᠠ ᠴᠡᠷᠢᠭ ᠠᠩᠭᠢ ᠶᠢᠨ | ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠲᠠᠢ ᠵᠢᠨᠠᠨ ᠳᠤ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ | ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠵᠢᠨᠠᠨ ᠳᠤ ᠰᠠᠭᠤᠭ᠎ᠠ ᠴᠡᠷᠢᠭ ᠠᠩᠭᠢ ᠶᠢᠨ ᠪᠦᠭᠦ | ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ | ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠣᠯᠵᠤ ᠠᠭᠤᠯᠵᠠᠪᠠ᠃ | |