︽ᠬᠠᠶᠢᠨᠠᠨ ᠮᠤᠵᠢ ᠪᠠᠶᠢᠬᠤ ᠶᠢ ᠮᠡᠳᠡᠬᠦ ᠪᠣᠯᠪᠠᠴᠤ ᠮᠠᠨ ᠤ ᠥᠪᠥᠷ ᠮᠣᠩᠭᠤᠯ ᠤᠨ ᠦᠬᠠᠶ ᠬᠤᠲᠠ ᠳᠤ ᠪᠠᠰᠠ | ︿ᠬᠠᠶᠢᠨᠠᠨ﹀ ᠪᠠᠶᠢᠨ᠎ᠠ᠂ ᠳᠠᠷᠤᠶ ᠮᠠᠨ ᠤ ᠬᠠᠶᠢᠨᠠᠨ ᠲᠣᠭᠤᠷᠢᠭ ᠪᠣᠯᠤᠨ᠎ᠠ᠃ ᠮᠠᠨ ᠤ ᠲᠣᠰᠬᠤᠨ ᠪᠣᠯ ᠳᠠᠷᠤᠢ ᠬᠠᠳᠤᠨ | ᠭᠤᠣᠯ ᠤᠨ ᠥᠪᠥᠷ ᠮᠣᠩᠭᠤᠯ ᠳᠤ ᠣᠷᠣᠵᠤ ᠢᠷᠡᠭᠰᠡᠨ ᠠᠩᠬᠠᠨ ᠤ ᠦᠷᠳᠡᠭᠡ ᠮᠥᠨ᠂ ᠡᠷᠭᠢ ᠳᠤ ᠠᠪᠴᠤ ᠬᠡᠯᠡᠪᠡᠯ | ᠨᠢᠩᠰᠢᠶᠠ ᠮᠥᠨ᠂ ᠬᠡᠳᠦᠨ ᠠᠯᠬᠤᠮ ᠶᠠᠪᠤᠪᠠᠯ ᠡᠷᠭᠢ ᠶᠢᠨ ᠰᠠᠶᠢᠬᠠᠨ ᠦᠵᠡᠮᠵᠢ ᠶᠢ ᠣᠯᠵᠤ ᠬᠠᠷᠠᠨ᠎ᠠ︾ ᠭᠡᠵᠦ | ᠬᠡᠯᠡᠪᠡ᠃ ᠬᠠᠶᠢᠨᠤᠨ ᠲᠣᠭᠤᠷᠢᠭ ᠤᠨ ᠷᠠᠰᠢᠰᠦ᠋ᠮᠡ ᠪᠠᠯᠭᠠᠰᠤᠨ ᠤ ᠰᠠᠶᠢᠬᠠᠨᠤᠰᠤ ᠲᠣᠰᠬᠤᠨ ᠤ ᠲᠣᠰᠬᠤᠨ ᠳᠤ | ᠰᠠᠭᠤᠭ᠎ᠠ ᠠᠵᠢᠯᠯᠠᠬᠤ ᠠᠩᠬᠢ ᠶᠢᠨ ᠭᠡᠰᠢᠭᠦᠨ ᠯᠢᠦ ᠵᠠᠨ ᠯᠢᠨ ᠬᠡᠯᠡᠪᠡ᠃ | ᠣᠶᠢᠷ᠎ᠠ ᠳᠤ᠂ ᠰᠤᠷᠪᠤᠯᠵᠢᠯᠠᠭᠴᠢ ᠰᠠᠶᠢᠬᠠᠨᠤᠰᠤ ᠲᠣᠰᠬᠤᠨ ᠤ ᠬᠠᠲᠤᠨ ᠭᠤᠤᠯ ᠤᠨ ᠪᠠᠷᠠᠭᠤᠨᠰᠢ ᠠᠶᠠᠯᠠᠬᠤ | ᠵᠣᠴᠢᠳ ᠤᠨ ᠪᠠᠭᠤᠳᠠᠯ ᠳᠤ ︽ᠲᠠᠷᠢᠶᠠᠯᠠᠩ ᠬᠦᠴᠦᠷᠬᠡᠭ᠂ ᠲᠠᠷᠢᠶᠠᠯᠠᠬᠤ ᠣᠷᠣᠨ ᠰᠠᠶᠢᠬᠠᠨ᠂ ᠲᠠᠷᠢᠶᠠᠴᠢᠨ ᠪᠠᠶᠠᠨ | ᠴᠢᠨᠡᠭᠡᠯᠢᠭ︾ ᠭᠡᠬᠦ ᠦᠵᠡᠰᠬᠦᠯᠡᠩᠲᠦ ᠰᠠᠶᠢᠬᠠᠨ ᠵᠢᠷᠤᠭ ᠶᠠᠭ ᠠᠭᠠᠵᠢᠮ ᠢᠶᠠᠷ ᠳᠡᠯᠭᠡᠭᠳᠡᠵᠦ ᠪᠠᠶᠢᠬᠤ ᠶᠢ ᠣᠯᠵᠤ | ᠬᠠᠷᠠᠪᠠ᠃ ᠬᠠᠲᠤᠨ ᠭᠤᠣᠯ ᠦᠬᠠᠶ ᠶᠢᠨ ᠬᠢᠯᠢ ᠳᠣᠲᠣᠷ᠎ᠠ ᠤᠮᠠᠷᠠᠰᠢ ᠡᠷᠭᠢᠵᠦ᠂ ᠬᠠᠷᠢᠨ ᠪᠠᠷᠠᠭᠤᠨᠰᠢ ᠮᠤᠷᠦ᠋ᠢᠵᠤ | ᠪᠠᠶᠢᠭ᠎ᠠ ᠪᠣᠯᠬᠤᠷ ᠬᠠᠶᠢᠨᠠᠨ ᠲᠣᠭᠤᠷᠢᠭ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠤᠶᠠᠯᠳᠤᠭᠤᠯᠤᠨ ᠬᠠᠲᠤᠨ ᠭᠤᠤᠯ ᠤᠨ ᠪᠠᠷᠠᠭᠤᠨᠰᠢ ᠠᠶᠠᠯᠠᠬᠤ ᠠᠶᠠᠨᠴᠢᠳ ᠤᠨ ᠪᠠᠭᠤᠳᠠᠯ ᠢ ᠲᠥᠯᠥᠪᠵᠢᠭᠦᠯᠦᠨ | ᠪᠠᠶᠢᠭᠤᠯᠪᠠ᠃ ᠥᠩᠭᠡᠷᠡᠭᠰᠡᠨ ᠤ ᠰᠠᠶᠢᠬᠠᠬᠤᠰᠤ ᠲᠣᠰᠬᠤᠨ ᠨᠢ ᠰᠠᠭᠤᠷᠢ ᠲᠥᠬᠦᠭᠡᠷᠦᠮᠵᠢ ᠪᠠ ᠠᠵᠤ ᠦᠢᠯᠡᠰ ᠤᠨ | ᠬᠥᠭᠵᠢᠯᠲᠦ ᠬᠢᠵᠠᠭᠠᠷᠲᠠᠢ᠃ ᠣᠳᠣ᠂ ᠲᠣᠰᠬᠤᠨ ᠤ ᠠᠷᠠᠳ ᠬᠥᠳᠡᠭᠡ ᠲᠣᠰᠬᠤᠨ ᠤ ᠵᠢᠭᠤᠯᠴᠢᠯᠠᠯ ᠢᠶᠠᠷ ᠳᠠᠮᠵᠢᠨ | ᠪᠠᠶᠠᠨ ᠴᠢᠨᠡᠭᠡᠯᠢᠭ ᠠᠮᠢᠳᠤᠷᠠᠯ ᠢ ᠥᠩᠭᠡᠷᠡᠭᠦᠯᠵᠦ᠂ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠵᠢᠱᠢᠶᠡᠴᠢ ᠲᠣᠰᠬᠤᠨ᠂ ᠪᠦᠬᠦ ᠤᠯᠤᠰ ᠤᠨ ᠪᠣᠯᠪᠠᠰᠤᠨ ᠲᠣᠰᠬᠤᠨ ᠪᠣᠯᠤᠨ ᠪᠦᠬᠦ ᠤᠯᠤᠰ ᠤᠨ ︽ᠨᠢᠭᠡ ᠲᠣᠰᠬᠤᠨ | ᠨᠢᠭᠡ ᠪᠦᠲᠦᠭᠡᠭᠳᠡᠬᠦᠨ︾ ᠤ ᠵᠢᠱᠢᠶ᠎ᠡ ᠦᠵᠡᠭᠦᠯᠬᠦ ᠲᠣᠰᠬᠤᠨ ᠪᠤᠯᠵᠤ᠂ ᠪᠠᠰᠠ ᠬᠠᠳᠤᠨ ᠭᠤᠣᠯ ᠢᠶᠠᠷ ᠬᠦᠷᠢᠶᠡᠯᠡᠭᠰᠡᠨ | ᠪᠠᠶᠢᠭᠠᠯᠢ ᠶᠢᠨ ᠦᠵᠡᠮᠵᠢ ᠠᠴᠠ ᠪᠤᠯᠵᠤ ᠰᠦᠯᠵᠢᠶᠡᠨ ᠤ ᠨᠡᠷᠡᠳᠦ ᠭᠠᠵᠠᠷ ᠪᠣᠯᠤᠭᠰᠠᠨ ᠪᠠᠶᠢᠨ᠎ᠠ᠃ | | ︽ᠪᠢ ᠪᠣᠯ ᠾᠧᠨᠠᠨ ᠠᠴᠠ ᠢᠷᠡᠭᠰᠡᠨ᠂ ᠠᠩᠬ᠎ᠠ ᠤᠳᠠᠭ᠎ᠠ ᠡᠨᠡ ᠲᠣᠰᠬᠤᠨ ᠳᠤ ᠢᠷᠡᠵᠦ ᠨᠠᠭᠠᠳᠤᠨ᠎ᠠ᠂ | ᠲᠣᠰᠬᠤᠨ ᠤ ᠬᠠᠵᠠᠭᠤ ᠳᠤᠨᠢ ᠬᠠᠳᠤᠨ ᠭᠤᠣᠯ ᠤᠨ ᠤᠰᠤ᠂ ᠪᠠᠰᠠ ᠦᠵᠦᠮ ᠤᠨ ᠤᠷᠲᠤ ᠬᠤᠩᠭᠢᠯ ᠪᠠᠶᠢᠨ᠎ᠠ᠃ | ᠪᠢᠳᠡ ᠠᠳᠡᠬᠢ ᠶᠢᠨ ᠲᠠᠷᠢᠶᠠᠴᠢᠨ ᠠᠶᠢᠯ ᠳᠥᠩᠭᠡᠵᠢ ᠦᠳᠡ ᠶᠢᠨ ᠬᠤᠭᠤᠯᠠ ᠪᠠᠨ ᠢᠳᠡᠴᠢᠬᠡᠭᠰᠡᠨ ᠪᠣᠯᠬᠤᠷ ᠰᠠᠢᠨ | ᠠᠮᠲᠠ ᠲᠠᠢ ᠪᠣᠯᠣᠭᠰᠠᠨ︾ ᠭᠡᠪᠡ᠃ ᠪᠠᠷᠠᠭᠤᠨᠰᠢ ᠶᠠᠪᠤᠬᠤ ᠠᠶᠠᠨᠴᠢᠨ ᠤ ᠪᠠᠭᠤᠳᠠᠯ ᠰᠡᠯᠡᠭᠦᠴᠡᠵᠦ ᠪᠠᠶᠢᠭ᠎ᠠ ᠸᠠᠩ | ᠠᠪᠤᠭᠠᠢ ᠰᠤᠷᠪᠤᠯᠵᠢᠯᠠᠭᠴᠢ ᠳᠤ ᠬᠡᠯᠡᠪᠡ᠃ | ᠬᠠᠶᠢᠨᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠷᠧᠨ | ᠵᠢᠶᠧ ᠬᠡᠯᠡᠭᠰᠡᠨ ᠨᠢ᠄ ︽ᠣᠶᠢᠷ᠎ᠠ ᠶᠢᠨ ᠵᠢᠯ ᠳᠤ᠂ ᠪᠢᠳᠡ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠤᠯᠳᠠᠯᠭ᠎ᠠ ᠲᠠᠢ ᠲᠣᠰᠬᠤᠨ - ᠰᠠᠶᠢᠬᠠᠬᠤᠰᠣ ᠲᠣᠰᠬᠤᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠬᠢᠵᠦ᠂ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠬᠢᠪᠠ᠃ ᠬᠠᠲᠤᠨ ᠭᠤᠣᠯ ᠤᠨ ᠰᠣᠶᠣᠯ᠂ ᠲᠠᠷᠢᠶᠠᠯᠠᠬᠤ ᠰᠣᠶᠣᠯ᠂ | ᠬᠤᠪᠢᠰᠬᠠᠯ ᠤᠨ ᠰᠣᠶᠣᠯ ᠤᠨ ᠰᠤᠳᠤᠯᠭᠠᠨ ᠤ ᠰᠠᠭᠤᠷᠢᠨ ᠭᠠᠵᠠᠷ ᠪᠠ ᠲᠣᠭᠤᠷᠢᠨ ᠦᠵᠡᠬᠦ ᠲᠠᠷᠢᠶᠠᠯᠠᠩ ᠤᠨ | ᠪᠦᠲᠦᠭᠡᠭᠳᠡᠬᠦᠨ ᠤ ᠦᠵᠡᠭᠦᠯᠦᠯᠭᠡ ᠶᠢᠨ ᠲᠢᠩᠬᠢᠮ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠬᠠᠲᠤᠨ | ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ᠂ ᠶᠠᠩ ᠭᠤᠸᠠᠩ ᠲᠢᠶᠠᠨ ᠢᠦᠶ ᠣᠯᠠᠨ ᠤᠯᠤᠰ ᠤᠨ | ᠠᠷᠢᠬᠢᠨ ᠪᠠᠭᠤᠳᠠᠯ᠂ ᠶᠣᠣ ᠳ᠋ᠦᠩ ᠤᠨᠴᠠᠯᠢᠬᠳᠤ ᠠᠷᠠᠳ ᠤᠨ ᠣᠷᠣᠨ ᠰᠠᠭᠤᠴᠠ᠂ ᠬᠠᠲᠤᠨ ᠭᠤᠤᠯ ᠤᠨ ᠴᠢᠯᠠᠭᠤᠨ | ᠪᠤᠳᠤᠭᠲᠤ ᠵᠢᠷᠤᠭ ᠤᠨ ᠠᠵᠢᠯᠯᠠᠬᠤ ᠲᠠᠰᠤᠭ ᠵᠡᠷᠭᠡ ᠲᠣᠰ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ | ᠲᠣᠭᠤᠷᠢᠨ ᠳᠤ᠂ ᠥᠪᠡᠰᠦᠪᠡᠨ ᠵᠢᠯᠣᠭᠤᠳᠴᠤ ᠵᠤᠭᠠᠴᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ | ᠪᠠᠭᠤᠳᠠᠯᠯᠠᠬᠤ ᠵᠢᠭᠤᠯᠴᠢᠯᠠᠯ ᠤᠨ ᠰᠠᠶᠢᠨ ᠰᠣᠩᠭᠤᠯᠲᠠ ᠶᠢᠨ ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠵᠠᠪᠠᠯ | ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠰᠢᠯᠢᠳᠡᠭ ᠰᠣᠩᠭᠤᠯᠲᠠ ᠶᠢᠨ ᠭᠠᠵᠠᠷ ᠢ ᠪᠣᠶ ᠪᠣᠯᠭᠠᠨ᠎ᠠ᠃ | ᠲᠣᠰᠬᠤᠨ ᠤ ᠬᠠᠮᠲᠤ ᠶᠢᠨ ᠠᠵᠤ ᠠᠬᠤᠢ ᠶᠢᠨ ︽ᠬᠤᠷᠳᠤᠴᠠ ᠶᠢ ᠲᠦᠷᠭᠡᠳᠬᠡᠬᠦ︾ | | ᠤᠢᠢᠷ᠎ᠠ ᠶᠢᠨ ᠵᠢᠯ ᠠᠴᠠ᠂ ᠬᠠᠶᠢᠨᠠᠨ ᠲᠣᠭᠤᠷᠢᠭ ᠤᠨ ᠬᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ᠂ ᠲᠠᠷᠢᠶᠠᠯᠠᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ | ᠵᠡᠷᠭᠡ 9 ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ | ᠠᠬᠤᠢ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠬᠤᠶᠠᠷ ᠵᠠᠰᠠᠭ ᠵᠠᠬᠢᠷᠭᠠᠨ ᠤ ᠲᠣᠰᠬᠤᠨ ᠤ ᠵᠢᠯ ᠤᠨ | ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ 50 ᠲᠦᠮᠡᠨ ᠲᠥᠭᠦᠷᠢᠭ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ | ᠪᠠᠲᠤᠯᠠᠪᠠ᠃ ᠰᠠᠶᠢᠬᠠᠬᠤᠰᠤ ᠲᠣᠰᠬᠤᠨ ᠬᠠᠲᠤᠨ ᠭᠤᠤᠯ ᠤᠨ ᠬᠥᠪᠡᠭᠡᠨ ᠳᠤ ᠪᠠᠶᠢᠭ᠎ᠠ ᠳᠠᠪᠠᠭᠤᠯᠢᠭ ᠢᠶᠠᠨ ᠠᠰᠢᠭᠯᠠᠨ᠂ | ᠲᠤᠬᠠᠶ ᠶᠢᠨ ᠭᠠᠵᠠᠷ ᠤᠨ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠲᠠᠢ ᠬᠠᠮᠲᠤᠷᠠᠯᠴᠠᠵᠤ᠂ ᠭᠠᠵᠠᠷ ᠰᠢᠷᠣᠶ ᠶᠢ | ᠡᠷᠭᠢᠯᠲᠡ ᠳᠤ ᠣᠷᠣᠭᠤᠯᠬᠤ ᠪᠠ ᠵᠠᠬᠢᠶᠠᠯᠠᠭ᠎ᠠ ᠶᠢᠨ ᠲᠠᠷᠢᠶᠠᠯᠠᠩ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠵᠦᠮ | ᠳᠠᠷᠢᠬᠤ ᠪᠠ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠦᠨ᠎ᠡ᠃ | ᠰᠠᠶᠢᠬᠠᠨᠬᠤᠰᠣ ᠲᠣᠰᠬᠤᠨ ᠤ ᠰᠠᠭᠤᠭᠠᠯᠢ ᠠᠷᠠᠳ ᠳ᠋ᠧᠩ ᠰᠢᠤ ᠵᠧᠨ ᠪᠣᠯᠤᠨ ᠡᠷ᠎ᠡ ᠨᠥᠬᠦᠷ ᠰᠢᠨ ᠢ ᠹᠧᠩ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠠᠵᠢᠯᠯᠠᠳᠠᠭ᠂ ᠬᠤᠶᠠᠷ ᠬᠥᠮᠦᠨ | ᠰᠠᠷ᠎ᠠ ᠪᠦᠷᠢ 8000 ᠲᠥᠭᠦᠷᠢᠭ ᠤᠨ ᠴᠠᠯᠢᠩ ᠣᠯᠵᠤ ᠪᠣᠯᠤᠨ᠎ᠠ᠃ ᠭᠦᠩᠰᠧ ᠨᠢ ᠭᠡᠷ ᠠᠴᠠ ᠪᠠᠨ ᠣᠶᠢᠷᠠᠬᠠᠨ᠂ | ᠠᠵᠢᠯ ᠠᠴᠠ ᠪᠠᠨ ᠬᠡᠳᠦᠨ ᠮᠢᠨᠦ᠋ᠲ ᠪᠠᠭᠤᠪᠠᠯ ᠭᠡᠷ ᠲᠡᠭᠡᠨ ᠬᠦᠷᠦᠨ᠎ᠡ᠃ | ᠳ᠋ᠧᠩ ᠰᠢᠤ ᠵᠧᠨ ᠬᠡᠯᠡᠭᠰᠡᠨ ᠨᠢ᠄ ︽ᠥᠩᠭᠡᠷᠡᠭᠰᠡᠨ ᠳᠤ ᠥᠪᠡᠷ ᠢᠶᠠᠨ ᠡᠷᠳᠡᠨᠢ ᠰᠢᠰᠢ ᠳᠠᠷᠢᠵᠤ᠂ ᠣᠷᠣᠯᠭ᠎ᠠ | ᠴᠤ ᠥᠨᠳᠥᠷ ᠪᠢᠰᠢ᠃ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠭᠰᠠᠨ ᠤ ᠳᠠᠷᠠᠭ᠎ᠠ ᠪᠠᠰᠠ ᠭᠡᠷ ᠤᠨ | ᠡᠭᠦᠳᠡᠨ ᠳᠤ ᠬᠥᠯᠥᠰᠥᠨ ᠠᠵᠢᠯ ᠬᠢᠵᠦ ᠵᠣᠭᠤᠰ ᠣᠯᠵᠤ ᠪᠣᠯᠤᠨ᠎ᠠ᠃ ᠲᠣᠰᠬᠤᠨ ᠳᠤ ᠪᠠᠰᠠ ᠡᠮᠡᠭᠲᠡᠶᠢᠴᠦᠳ | ᠬᠡᠦᠬᠡᠳ ᠤᠨ ᠦᠢᠯᠡᠴᠢᠯᠡᠭᠡᠨ ᠤ ᠦᠷᠳᠡᠭᠡ ᠲᠠᠢ ᠪᠠᠶᠢᠵᠤ᠂ ᠰᠤᠯᠠ ᠰᠡᠯᠡᠭᠦᠤ ᠪᠣᠯᠪᠠᠯ ᠲᠡᠨᠳᠡ ᠣᠴᠢᠵᠤ ᠰᠡᠳᠬᠦᠯ ᠢ | ᠤᠷᠪᠠᠭᠤᠯᠵᠤ ᠬᠥᠷᠪᠡᠭᠦᠯᠦᠨ᠂ ᠲᠣᠰᠬᠤᠨ ᠤ ᠡᠭᠡᠴᠢ ᠳᠡᠭᠦᠦ ᠨᠠᠷ ᠲᠠᠢ ᠦᠭᠡ ᠳᠡᠯᠭᠡᠵᠦ᠂ ᠮᠠᠰᠢ ᠪᠠᠶᠠᠷᠲᠠᠢ ᠪᠠᠶᠢᠨ᠎ᠠ︾ | ᠭᠡᠵᠦ ᠬᠡᠯᠡᠪᠡ᠃ | ᠲᠣᠰᠬᠤᠨ ᠤ ᠶᠠᠩ ᠭᠤᠸᠠᠩ ᠲᠢᠶᠠᠨ ᠢᠦᠶ ᠣᠯᠠᠨ ᠤᠯᠤᠰ ᠤᠨ ᠠᠷᠢᠬᠢᠨ ᠡᠳ᠋ᠯᠡᠩ ᠤᠨ ᠦᠵᠦᠮ ᠲᠠᠷᠢᠬᠤ | ᠰᠠᠭᠤᠷᠢᠨ ᠭᠠᠵᠠᠷ 21 ᠰᠢᠨ᠎ᠡ ᠬᠡᠯᠪᠡᠷᠢ ᠶᠢᠨ ᠬᠦᠯᠡᠮᠵᠢ ᠲᠡᠷᠢ ᠲᠡᠭᠰᠢ ᠵᠢᠭᠰᠠᠭᠠᠪᠠ᠃ ᠫᠧᠩ ᠳᠣᠲᠣᠷ᠎ᠠ ᠦᠵᠦᠮ ᠨᠢ | ᠨᠣᠮᠢᠨ ᠨᠣᠭᠤᠭᠠᠨ ᠥᠩᠭᠡ ᠪᠠᠷ ᠰᠣᠯᠣᠩᠭ ᠠᠷᠠᠨ ᠮᠢᠷ ᠠᠯᠵ ᠠᠨ᠎ᠠ᠃ ᠠᠵᠢᠯᠲᠠᠨ ᠤ ᠲᠠᠨᠢᠯᠴᠠᠭᠤᠯᠤᠭᠰᠠᠨ ᠢᠶᠠᠷ᠂ | ︽ᠡᠨᠡ 21 ᠬᠦᠯᠡᠮᠵᠢ ᠶᠢᠨ ᠳᠠᠷᠢᠬᠤ ᠲᠠᠯᠠᠪᠠᠶ ᠪᠠᠷᠤᠭ 40 ᠮᠥ ᠪᠠᠶᠢᠵᠤ᠂ ᠬᠦᠯᠡᠮᠵᠢ ᠪᠦᠷᠢ ᠳᠤ ᠬᠤᠶᠠᠷ ᠠᠵᠢᠯᠴᠢᠨ | ᠬᠡᠷᠡᠭᠰᠡᠨ᠎ᠡ᠃ ᠶᠠᠭᠠᠷᠠᠤ ᠦᠶ᠎ᠡ ᠳᠤ᠂ 1 ᠮᠦ ᠭᠠᠵᠠᠷ ᠲᠤ 50 ᠠᠵᠢᠯᠴᠢᠨ ᠬᠡᠷᠡᠭᠰᠡᠵᠦ᠂ ᠡᠷᠬᠢᠨ ᠲᠣᠭᠤᠷᠢᠨ ᠤ | ᠲᠣᠰᠬᠤᠨ ᠪᠠᠯᠭᠠᠰᠤ ᠶᠢᠨ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠪᠠ᠃ | ᠬᠥᠳᠡᠭᠡ ᠲᠣᠰᠬᠤᠨ ᠤ ᠵᠢᠭᠤᠯᠴᠢᠯᠠᠯ ᠨᠢ ︽ᠬᠥᠭᠵᠢᠯᠲᠡ ᠶᠢᠨ ᠬᠥᠳᠡᠯᠭᠡᠬᠦ ᠬᠦᠴᠦᠨ︾ ᠢ ᠬᠤᠷᠠᠮᠳᠤᠭᠤᠯᠪᠠ | | ᠬᠥᠳᠡᠭᠡ ᠲᠣᠰᠬᠤᠨ ᠤ ᠵᠤᠭᠠᠴᠠᠯ ᠢ ᠬᠡᠷᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ | ᠬᠥᠳᠡᠯᠭᠡᠭᠦᠷ ᠪᠣᠯᠭᠠᠬᠤ᠂ ᠰᠠᠶᠢᠬᠠᠬᠤᠰᠣ ᠲᠣᠰᠬᠤᠨ ᠵᠠᠰᠠᠭ ᠤᠨ ᠣᠷᠳᠣᠨ ᠠᠴᠠ ᠲᠡᠳᠬᠦᠬᠦ᠂ ᠲᠣᠰᠬᠤᠨ ᠠᠵᠤ | ᠠᠬᠤᠶᠢᠯᠠᠯ ᠢ ᠬᠤᠯᠪᠣᠭᠠᠯᠠᠨ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠮᠢᠶᠠᠷᠤᠯᠲᠠ | ᠦᠢᠯᠡᠴᠢᠯᠡᠭᠡᠨ ᠤ ᠵᠠᠭᠪᠤᠷ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠬᠠᠲᠤᠨ ᠭᠤᠤᠯ ᠤᠨ ᠥᠪᠥᠷ | ᠮᠣᠩᠭᠤᠯ ᠢᠶᠠᠷ ᠲᠣᠭᠤᠷᠢᠨ ᠦᠵᠡᠬᠦ᠂ ᠬᠠᠲᠤᠨ ᠭᠤᠤᠯ ᠤᠨ ᠦᠵᠡᠮᠵᠢ ᠶᠢ ᠪᠡᠶᠡᠴᠢᠯᠡᠨ ᠣᠶᠢᠯᠠᠭᠠᠬᠤ᠂ ᠬᠠᠲᠤᠨ | ᠭᠤᠤᠯ ᠤᠨ ᠠᠮᠲᠠᠲᠤ ᠢᠳᠡᠭᠡᠨ ᠢ ᠠᠮᠲᠠᠯᠠᠵᠤ ᠦᠨᠡᠯᠡᠬᠦ᠂ ᠬᠠᠲᠤᠨ ᠭᠤᠤᠯ ᠤᠨ ᠬᠠᠭᠤᠴᠢ ᠰᠤᠳᠤᠯᠤᠯ ᠤᠨ ᠬᠠᠶᠢᠯᠲᠠ | ᠬᠢᠬᠦ ᠪᠠ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠵᠡᠷᠭᠡ ᠠᠵᠢᠯᠯᠠᠭ᠎ᠠ ᠶᠢ ᠥᠷᠨᠢᠭᠦᠯᠵᠦ᠂ ᠬᠥᠳᠡᠭᠡ | ᠲᠣᠰᠬᠤᠨ ᠢ ᠨᠠᠩ ᠢᠯᠡᠭᠦᠤ ᠬᠠᠷᠠᠭᠤᠯᠵᠤ᠂ ᠲᠣᠰᠬᠤᠨ ᠤ ᠠᠷᠠᠳ ᠢ ᠨᠠᠩ ᠢᠯᠡᠭᠦᠤ ᠡᠷᠡᠮᠡᠯᠵᠡᠯ ᠲᠠᠢ ᠪᠣᠯᠭᠠᠪᠠ᠃ | 2022 ᠣᠨ ᠠᠴᠠ ᠡᠬᠢᠯᠡᠨ᠂ ᠰᠢ ᠰᠢᠩ ᠵᠣᠴᠢᠳ ᠤᠨ ᠪᠠᠭᠤᠳᠠᠯ ᠤᠨ ᠰᠢᠨ᠎ᠡ ᠪᠠᠷ ᠥᠭᠡᠷᠡᠴᠢᠯᠡᠭᠰᠡᠨ | ᠨᠦᠬᠡᠨ ᠭᠡᠷ ᠤᠨ ᠠᠷᠠᠳ ᠤᠨ ᠣᠷᠣᠨ ᠰᠠᠭᠤᠴᠠ ᠶᠢ ᠵᠢᠩᠬᠢᠨᠢ ᠪᠠᠷ ᠭᠠᠳᠠᠭᠰᠢ ᠡᠵᠡᠩᠨᠡᠪᠡ᠃ ᠠᠷᠠᠳ ᠤᠨ ᠣᠷᠣᠨ | ᠰᠠᠭᠤᠴᠠ ᠶᠢᠨ ᠭᠠᠳᠠᠨ᠎ᠠ ᠡᠷᠲᠡᠨ ᠤ ᠪᠤᠷᠤᠬᠵᠢᠭᠤᠨ ᠨᠦᠬᠡᠨ ᠭᠡᠷ ᠤᠨ ᠳᠦᠷᠰᠦ ᠪᠦᠲᠦᠭᠡᠯᠲᠡ ᠶᠢ ᠬᠡᠷᠡᠭᠯᠡᠵᠦ᠂ | ᠨᠡᠶᠢᠲᠡ 17 ᠨᠦᠬᠡ᠂ 8 ᠢᠵᠢ᠂ ᠳᠣᠲᠣᠭᠠᠳᠤ ᠳᠤ ᠪᠠᠨ ᠵᠣᠴᠢᠳ ᠤᠨ ᠪᠠᠭᠤᠳᠠᠯ᠂ ᠵᠣᠴᠢᠳ ᠤᠨ ᠪᠠᠭᠤᠳᠠᠯ ᠤᠨ | ᠣᠲᠣ ᠦᠶ᠎ᠡ ᠶᠢᠨ ᠵᠠᠰᠠᠯ ᠴᠢᠮᠡᠭᠯᠡᠯ ᠲᠠᠢ ᠠᠳᠠᠯᠢ ᠥᠬᠡᠶ ᠪᠠᠶᠢᠵᠤ᠂ ᠵᠤᠭᠠᠴᠠᠭᠰᠠᠳ ᠤᠨ ᠣᠯᠠᠨ ᠶᠠᠩᠵᠤ ᠶᠢᠨ | ᠬᠡᠷᠡᠭᠴᠡᠭᠡ ᠶᠢ ᠮᠠᠰᠢ ᠰᠠᠶᠢᠨ ᠬᠠᠩᠭᠠᠭᠰᠠᠨ ᠪᠠᠶᠢᠨ᠎ᠠ᠃ | 200 ᠬᠦᠮᠦᠨᠤ ᠪᠠᠶᠢᠷᠢᠯᠠᠬᠤ ᠪᠣᠯᠤᠨ ᠵᠤᠭᠠᠴᠠᠭᠰᠠᠳ ᠠᠳᠡ ᠭᠡᠷ ᠤᠨ ᠭᠠᠳᠠᠨ᠎ᠠ ᠰᠢᠷᠠᠵᠤ ᠪᠣᠯᠬᠤ ᠪᠣᠯᠤᠨ᠎ᠠ᠃ | ᠪᠢᠳᠡ ᠪᠠᠰᠠ ᠭᠡᠷ ᠤᠨ ᠭᠠᠳᠠᠨᠠᠬᠢ ᠤᠮᠪᠠᠯᠲᠠ ᠶᠢᠨ ᠭᠠᠵᠠᠷ᠂ ᠬᠡᠤᠬᠡᠳ ᠤᠨ ᠵᠤᠭ᠎ᠠ ᠴᠡᠩᠭᠡᠯ ᠤᠨ ᠲᠥᠬᠦᠭᠡᠷᠦᠮᠵᠢ | ᠵᠡᠷᠭᠡ ᠶᠢ ᠪᠠᠶᠢᠭᠤᠯᠬᠤ ᠪᠠᠷ ᠪᠡᠯᠡᠳᠬᠡᠵᠦ ᠪᠠᠶᠢᠨ᠎ᠠ᠂ ᠵᠤᠭᠠᠴᠠᠭᠰᠠᠳ ᠤᠨ ᠭᠦᠨᠵᠡᠭᠡᠶ ᠣᠶᠢᠯᠠᠭᠠᠯᠲᠠ ᠶᠢ | ᠪᠠᠶᠠᠯᠢᠭᠵᠢᠭᠤᠯᠬᠤ ᠶᠢᠨ ᠬᠠᠮᠲᠤ ᠪᠠᠰᠠ ᠵᠠᠷᠢᠮ ᠬᠡᠷ ᠪᠦᠯᠢ ᠶᠢᠨ ᠠᠵᠢᠯ ᠣᠯᠭᠤᠯᠲᠠ ᠶᠢ ᠬᠠᠪᠰᠤᠷᠴᠤ᠂ ᠣᠷᠣᠯᠭ᠎ᠠ ᠶᠢ | ᠨᠡᠮᠡᠭᠳᠡᠭᠦᠯᠵᠦ ᠪᠣᠯᠤᠨ᠎ᠠ︾ ᠭᠡᠵᠦ ᠬᠡᠯᠡᠪᠡ᠃ ᠵᠦᠩ ᠴᠧᠨ ᠰᠣᠶᠣᠯ ᠵᠤᠭᠠᠴᠠᠯ ᠤᠨ ᠬᠢᠵᠠᠭᠠᠷᠲᠤ ᠺᠣᠮᠫᠠᠨᠢ ᠶᠢᠨ | ᠶᠡᠷᠦᠩᠬᠡᠢ ᠳᠠᠭᠠᠭᠠᠮᠠᠯ ᠮᠠ ᠵᠢᠶᠦ᠋ᠨ ᠬᠡᠯᠡᠪᠡ᠃ | ᠨᠦᠬᠡᠨ ᠭᠡᠷ ᠠᠴᠠ ᠪᠠᠨ ᠬᠡᠳᠦᠨ ᠠᠯᠬᠤᠮ ᠵᠶᠢᠲᠠᠢ ᠪᠠᠢᠬᠤ ᠨᠢ ᠳᠠᠷᠤᠢ ᠰᠡᠬᠡᠭᠡᠲᠡᠨ ᠵᠠᠯᠠᠭᠤ ᠶᠢᠨ ᠬᠠᠭᠤᠴᠢᠨ | ᠰᠠᠭᠤᠴᠠ᠂ ᠨᠠᠮ ᠰᠡᠯᠡᠭᠦᠨ ᠪᠥᠭᠡᠳ ᠬᠥᠭᠵᠢᠯ ᠪᠠᠳᠠᠷᠠᠩᠬᠤᠢ ᠪᠠᠢᠳᠠᠭ᠃ ᠬᠦᠷᠢᠶᠡᠨ ᠳᠣᠲᠣᠷᠠᠬᠢ ᠬᠡᠷᠴᠢᠭᠦᠷ᠂ | ᠠᠨᠵᠢᠰᠤᠨ᠂ ᠵᠢᠶᠠᠩ ᠭᠠᠩ᠂ ᠵᠠᠭᠤᠰᠢᠨ ᠤ ᠮᠠᠨᠳᠠᠯ᠂ ᠭᠡᠷ ᠳᠣᠲᠣᠷᠠᠬᠢ ᠳᠡᠭᠲᠡᠷ᠂ ᠡᠯᠭᠦᠭᠦᠷ ᠴᠠᠭ᠂ ᠳᠠᠭᠤᠤ | ᠰᠢᠩᠭᠡᠭᠡᠬᠦ ᠮᠠᠰᠢᠨ ᠪᠠ ᠬᠠᠭᠤᠴᠢᠨ ᠰᠣᠨᠢᠨ ᠵᠡᠷᠭᠡ ᠬᠠᠭᠤᠴᠢᠨ ᠶᠠᠭᠤᠮ᠎ᠠ ᠨᠤᠭᠤᠳ ᠨᠢ ᠲᠡᠦᠬᠡ ᠶᠢᠨ ᠲᠣᠭᠤᠰᠣ ᠶᠢ | ᠨᠡᠪᠲᠡᠯᠵᠦ᠂ ᠬᠥᠮᠥᠰ ᠲᠤ ᠨᠢᠭᠡᠨ ᠬᠡᠰᠡᠭ ᠬᠤᠭ ᠲᠣᠭᠤᠰᠣ ᠶᠢ ᠲᠡᠮᠳᠡᠭᠯᠡᠵᠦ ᠥᠭᠭᠦᠯ᠎ᠡ᠃ | ᠲᠠᠷᠢᠶᠠᠯᠠᠩ ᠤᠨ ᠪᠦᠲᠦᠭᠡᠭᠳᠡᠭᠦᠨ ᠢ ᠳᠡᠯᠭᠡᠨ ᠪᠤᠷᠤᠯᠠᠭᠤᠯᠬᠤ ︽ᠠᠭᠤᠰᠤᠯᠴᠠᠯ ᠬᠦᠴᠦᠨ︾ | | ᠤᠢᠢᠷ᠎ᠠ ᠶᠢᠨ ᠵᠢᠯ ᠠᠴᠠ᠂ ᠬᠠᠶᠢᠨᠠᠨ ᠲᠣᠭᠤᠷᠢᠭ ᠤᠨ ᠬᠢᠨ ᠵᠤᠭᠠᠴᠠᠯ ᠤᠨ ᠡᠬᠢ ᠪᠠᠶᠠᠯᠢᠭ ᠢ ᠨᠡᠭᠡᠭᠡᠨ | ᠠᠰᠢᠭᠯᠠᠬᠤ᠂ ᠵᠤᠭᠠᠴᠠᠯ ᠤᠨ ᠪᠦᠲᠦᠭᠡᠭᠳᠡᠬᠦᠨ ᠡᠯᠪᠡᠭ ᠪᠠᠶᠠᠯᠢᠭ ᠪᠠᠶᠢᠬᠤ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ | ᠠᠬᠢᠭᠤᠯᠵᠤ᠂ ᠰᠣᠶᠣᠯ ᠤᠨ ᠣᠨᠴᠠᠯᠢᠭ ᠢᠶᠠᠷ ᠢᠯᠡ ᠲᠣᠳᠣ᠂ ᠵᠤᠭᠠᠴᠠᠯ ᠤᠨ ᠪᠦᠲᠦᠭᠡᠭᠳᠡᠬᠦᠨ ᠢᠶᠠᠷ ᠪᠠᠶᠠᠯᠢᠭ᠂ ᠪᠦᠬᠦ | ᠠᠷᠠᠳ ᠢᠶᠠᠷ ᠢᠶᠠᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠨ | ᠬᠥᠭᠵᠢᠬᠦ ᠵᠠᠭᠪᠤᠷ ᠢ ᠬᠦᠴᠦᠯᠡᠨ ᠪᠤᠢ ᠪᠣᠯᠭᠠᠪᠠ᠃ | ᠡᠨᠡᠬᠦ ᠬᠠᠷᠠᠯᠲᠠ ᠶᠢᠨ ᠵᠢᠯᠣᠭᠤᠳᠤᠯᠭ᠎ᠠ ᠳᠣᠣᠷ᠎ᠠ᠂ ᠬᠠᠶᠢᠨᠠᠨ ᠲᠣᠭᠤᠷᠢᠭ ᠤᠨ ᠬᠢᠨ ︽ᠲᠡᠭᠦᠬᠦ + ᠲᠠᠷᠢᠶᠠᠴᠢᠨ | ᠠᠶᠢᠯ ᠤᠨ ᠵᠤᠭᠠᠴᠠᠯ︾ ᠤᠨ ᠰᠡᠯᠡᠭᠦᠴᠡᠨ ᠵᠤᠭᠠᠴᠠᠬᠤ ᠠᠵᠤ ᠦᠢᠯᠡᠰ ᠢ ᠶᠡᠬᠡᠪᠡᠷ ᠠᠬᠢᠭᠤᠯᠵᠤ᠂ ᠳᠠᠭᠤᠤ | ᠬᠥᠭᠵᠢᠮ ᠤᠨ ᠨᠠᠶᠢᠷ᠂ ᠮᠠᠶᠢᠬᠠᠨ ᠤ ᠨᠠᠶᠢᠷ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠪᠣᠯᠤᠨ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ ᠵᠡᠷᠭᠡ ᠠᠯᠢ ᠤᠯᠠᠨ ᠪᠠᠶᠠᠯᠢᠭ ᠰᠠᠶᠢᠬᠠᠨ ᠠᠵᠢᠯᠯᠠᠭ᠎ᠠ ᠶᠢ ᠡᠷᠬᠢᠯᠡᠬᠦ ᠪᠠᠷ | ᠳᠠᠮᠵᠢᠭᠤᠯᠵᠤ᠂ ᠲᠤᠬᠠᠢ ᠶᠢᠨ ᠲᠠᠯᠠᠪᠠᠢ ᠳᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ | ᠪᠣᠷᠣᠯᠠᠭᠤᠯᠬᠤ ᠲᠣᠭᠤᠷᠢᠭ ᠢ ᠪᠠᠶᠢᠭᠤᠯᠵᠤ᠂ ᠦᠨᠳᠦᠰᠦᠨ ᠱᠠᠲᠤᠨ ᠤ ᠺᠠᠳ᠋ᠷ ᠪᠣᠯᠤᠨ ᠤᠶᠤᠲᠠᠳ ︽ᠰᠦᠯᠵᠢᠶᠡᠨ | ᠭᠠᠳᠠᠨᠠᠬᠢ ᠪᠠᠷᠠᠭ᠎ᠠ ᠬᠤᠳᠠᠯᠳᠤᠭᠴᠢ︾ ᠪᠣᠯᠤᠨ ︽ᠰᠦᠯᠵᠢᠶᠡᠨ ᠳᠡᠭᠡᠷᠡᠬᠢ ᠲᠠᠨᠢᠯᠴᠠᠭᠤᠯᠤᠭᠴᠢ︾ ᠪᠣᠯᠪᠠ᠃ | ᠡᠮᠡᠭᠲᠡᠶᠢᠴᠦᠳ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ︽ᠡᠮᠡᠭᠲᠡᠶᠢᠴᠦᠳ ᠤᠨ ᠰᠢᠭᠤᠳ | ᠨᠡᠪᠲᠡᠷᠡᠭᠦᠯᠭᠡ ᠶᠢᠨ ᠲᠠᠰᠤᠭ︾ ᠵᠢᠴᠢ ᠲᠤᠬᠠᠶ ᠶᠢᠨ ᠲᠠᠯᠠᠪᠤᠷ ᠲᠤ ᠪᠣᠷᠣᠯᠠᠭᠤᠯᠬᠤ ᠪᠠᠷ ᠳᠠᠮᠵᠢᠭᠤᠯᠤᠨ᠂ ︽ᠴᠢᠤᠸᠠᠢ ᠡᠯ | ᠭᠧᠦ ᠶᠢᠨ ᠨᠠᠷᠢᠮᠤ︾᠂ ︽ᠹᠦ᠋ ᠾᠧ ᠭᠠᠷ ᠤᠷᠠᠯᠠᠯ ᠤᠨ ᠭᠤᠯᠢᠷ︾᠂ ︽ᠪᠦᠦ ᠶᠤᠸᠠᠨ ᠲᠠᠬᠢᠶᠠᠨ ᠥᠨᠳᠡᠭᠡ︾ ᠵᠡᠷᠭᠡ | ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠵᠤ᠂ ᠲᠠᠷᠢᠶᠠᠯᠠᠩ ᠤᠨ | ᠪᠦᠲᠦᠭᠡᠭᠳᠡᠬᠦᠨ ᠤ ᠲᠦᠷᠭᠡᠨ ᠪᠣᠷᠣᠯᠠᠭᠤᠯᠭ᠎ᠠ ᠶᠢ ᠪᠦᠲᠦᠮᠵᠢᠲᠡᠶ ᠠᠬᠢᠭᠤᠯᠵᠤ᠂ ᠬᠥᠳᠡᠭᠡ ᠲᠣᠰᠬᠤᠨ ᠤ | ᠵᠢᠭᠤᠯᠴᠢᠯᠠᠯ ᠳᠤ ᠰᠢᠨ᠎ᠡ ᠨᠡᠷ᠎ᠡ ᠶᠢᠨ ᠬᠠᠭᠤᠳᠠᠰᠤ ᠶᠢ ᠪᠣᠶ ᠪᠣᠯᠭᠠᠪᠠ᠃ | ᠣᠶᠢᠯᠠᠭᠠᠭᠰᠠᠨ ᠢᠶᠠᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ | ᠣᠶᠢᠷ᠎ᠠ ᠶᠢᠨ ᠵᠢᠯ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠤᠶᠢᠵᠢᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠠᠩ ᠣᠯᠠᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠲᠠᠬᠤ ᠬᠦᠴᠦᠨ ᠲᠠᠢ | ᠵᠢᠭᠤᠯᠴᠢᠯᠠᠯ ᠤᠨ ᠦᠢᠯᠡᠳᠬᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ᠡᠭᠦᠨ ᠤ ᠲᠤᠯᠠᠳᠠ᠂ ᠬᠠᠶᠢᠨᠠᠨ | ᠲᠣᠭᠤᠷᠢᠭ ᠤᠨ ᠬᠢᠨ ᠬᠠᠲᠤᠨ ᠭᠤᠣᠯ ᠤᠨ ᠰᠣᠶᠣᠯ ᠤᠨ ᠡᠯᠧᠮᠧᠨ᠋ᠲ ᠢ ︽ᠤᠮᠠᠷᠠᠲᠤ ᠣᠷᠣᠨ ᠤ ᠬᠠᠶᠢᠨᠠᠨ · | ᠵᠢᠭᠤᠯᠴᠢᠯᠠᠯ ᠤᠨ ᠶᠣᠰᠣ︾ ᠭᠡᠬᠦ ᠡᠨᠡᠬᠦ ᠬᠤᠲᠠ ᠶᠢᠨ ᠰᠣᠶᠣᠯ ᠤᠨ ᠡᠭᠦᠳᠦᠯᠲᠡ ᠶᠢᠨ ᠨᠠᠷᠠᠲᠤ ᠲᠡᠮᠳᠡᠭ ᠲᠠᠢ | ᠠᠭᠤᠰᠤᠯᠴᠠᠭᠤᠯᠤᠭᠰᠠᠨ ᠪᠥᠭᠡᠳ 2023 ᠣᠨ ᠳᠤ ᠰᠢᠷᠢᠰ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ | ᠵᠢᠷᠤᠵᠤ ᠲᠥᠯᠥᠪᠯᠡᠨ ᠨᠡᠭᠡᠭᠡᠨ ᠬᠥᠭᠵᠢᠭᠦᠯᠵᠦ᠂ ᠲᠠᠸᠠᠷ ᠤᠨ ᠲᠡᠮᠳᠡᠭ ᠢ ᠬᠡᠪᠯᠡᠯ ᠤᠨ ᠡᠷᠬᠡ ᠶᠢᠨ ᠳᠡᠩᠰᠡᠯᠡᠯᠲᠡ | ᠬᠢᠭᠰᠡᠨ ᠪᠠᠶᠢᠨ᠎ᠠ᠃ ᠡᠲᠡᠭᠡᠷ ᠪᠦᠲᠦᠭᠡᠭᠳᠡᠬᠦᠨ ᠨᠢ ᠳᠤᠮᠳᠠᠳᠤ ᠤᠯᠤᠰ ᠤᠨ ᠠᠷᠪᠠᠨ ᠭᠤᠷᠪᠠᠳᠤᠭᠠᠷ ︽ᠳᠤᠮᠳᠠᠳᠤ | ᠤᠯᠤᠰ ᠤᠨ ᠵᠢᠭᠤᠯᠴᠢᠯᠠᠯ ᠤᠨ ᠡᠳᠦᠷ︾᠂ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶ | ᠤᠨ ᠰᠣᠶᠣᠯ ᠤᠨ ᠦᠵᠡᠰᠬᠦᠯᠡᠩ ᠤᠨ ᠴᠤᠭᠯᠠᠭᠠᠨ ᠵᠡᠷᠭᠡ ᠲᠣᠮᠣ ᠬᠡᠯᠪᠡᠷᠢ ᠶᠢᠨ ᠦᠵᠡᠰᠬᠦᠯᠡᠩ ᠳᠤ ᠢᠯᠡᠷᠡᠵᠦ᠂ | ᠳᠤᠮᠳᠠᠳᠤ ᠮᠣᠩᠭᠤᠯ ᠣᠷᠣᠰ ᠤᠨ ᠠᠷᠠᠯᠵᠢᠶᠠᠨ ᠤ ᠣᠷᠣᠨ ᠳᠤ ᠣᠷᠣᠵᠤ ᠰᠠᠭᠤᠨ᠂ ᠨᠡᠶᠢᠲᠡ ᠪᠣᠷᠣᠯᠠᠭᠤᠯᠤᠯᠲᠠ ᠶᠢᠨ | ᠬᠡᠮᠵᠢᠶ᠎ᠡ 282.6 ᠲᠦᠮᠡᠨ ᠲᠥᠭᠦᠷᠢᠭ ᠲᠤ ᠬᠦᠷᠴᠦ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ | ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠦᠢᠯ ᠤᠨ ᠶᠡᠭᠡ ᠪᠠᠷ | ᠳᠡᠭᠡᠭᠰᠢᠯᠡᠭᠦᠯᠪᠡ᠃ | | ᠡᠭᠦᠨ ᠠᠴᠠ ᠭᠠᠳᠠᠨ᠎ᠠ᠂ ᠬᠠᠶᠢᠨᠠᠨ ᠲᠣᠭᠤᠷᠢᠭ ᠪᠠᠰᠠ ᠰᠠᠶᠢᠬᠠᠬᠤᠰᠣ ᠲᠣᠰᠬᠤᠨ ᠵᠡᠷᠭᠡ ᠭᠠᠵᠠᠷ ᠤᠨ | ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ᠂ ᠵᠢᠮᠢᠰ ᠨᠣᠭᠤᠭ᠎ᠠ ᠲᠡᠭᠦᠬᠦ | ᠰᠠᠭᠤᠷᠢᠨ ᠭᠠᠵᠠᠷ᠂ ᠭᠤᠤᠯ ᠰᠡᠳᠦᠪᠲᠦ ᠠᠷᠠᠳ ᠤᠨ ᠰᠠᠭᠤᠴᠠ ᠪᠣᠯᠤᠨ ᠬᠥᠳᠡᠭᠡ ᠲᠣᠰᠬᠤᠨ ᠤ ᠬᠤᠸᠠᠷᠠᠨ ᠵᠡᠷᠭᠡ | ᠡᠬᠢ ᠪᠠᠶᠠᠯᠢᠭ ᠢ ᠭᠦᠢᠴᠡᠳ ᠠᠰᠢᠭᠯᠠᠵᠤ᠂ ︽ᠲᠡᠭᠦᠬᠦ + ᠲᠠᠷᠢᠶᠠᠴᠢᠨ ᠠᠶᠢᠯ ᠤᠨ ᠵᠢᠭᠤᠯᠴᠢᠯᠠᠯ + ᠵᠢᠭᠤᠯᠴᠢᠯᠠᠯ︾ | ᠤᠨ ᠰᠡᠯᠡᠭᠦᠴᠡᠨ ᠲᠣᠭᠤᠷᠢᠬᠤ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠰᠣᠶᠣᠯ ᠤᠨ ᠠᠵᠢᠯᠯᠠᠭ᠎ᠠ ᠳᠤ | ︽ᠲᠠᠷᠢᠶᠠᠯᠠᠩ ᠰᠣᠶᠣᠯ ᠵᠢᠭᠤᠯᠴᠢᠯᠠᠯ︾ ᠤᠨ ᠷᠢᠳᠢ ᠰᠢᠳᠢ ᠶᠢ ᠨᠡᠮᠡᠷᠢᠯᠡᠭᠰᠡᠨ ᠪᠠᠶᠢᠨ᠎ᠠ᠃ ᠡᠭᠦᠨ ᠤ ᠬᠠᠮᠲᠤ᠂ | ᠲᠠᠷᠢᠶᠠᠯᠠᠩ ᠤᠨ ᠶᠠᠪᠤᠳᠠᠯ ᠤᠨ ᠠᠵᠢᠯᠯᠠᠭ᠎ᠠ ᠪᠣᠯᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ | ᠤᠶᠠᠯᠳᠤᠭᠤᠯᠵᠤ᠂ ᠲᠠᠷᠢᠶᠠᠯᠠᠩ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠡᠷᠭᠢᠯᠡᠵᠦ᠂ ᠤᠯᠠᠮᠵᠢᠯᠠᠯᠲᠤ ᠰᠣᠶᠣᠯ᠂ | ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠡᠯᠧᠮᠧᠨ᠋ᠲ ᠢ ᠬᠥᠳᠡᠭᠡ ᠲᠣᠰᠬᠤᠨ ᠤ ᠵᠢᠭᠤᠯᠴᠢᠯᠠᠯ ᠳᠤ | ᠠᠭᠤᠰᠤᠯᠴᠠᠭᠤᠯᠵᠤ᠂ ︽ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ︾ ᠶᠢᠨ ᠭᠦᠨᠵᠡᠭᠡᠶ ᠠᠭᠤᠰᠤᠯᠴᠠᠯ ᠢ | ᠤᠯᠠᠮ ᠨᠢᠭᠡ ᠠᠯᠬᠤᠮ ᠠᠬᠢᠭᠤᠯᠪᠠ᠃ ᠵᠢᠭᠤᠯᠴᠢᠯᠠᠯ ᠤᠨ ᠣᠶᠢᠯᠠᠭᠠᠯᠲᠠ ᠪᠠᠨ ᠤᠯᠠᠮ ᠨᠢᠭᠡ ᠠᠯᠬᠤᠮ | ᠰᠢᠯᠢᠳᠡᠭᠵᠢᠭᠦᠯᠬᠦ ᠶᠢᠨ ᠲᠥᠯᠥᠭᠡ᠂ ᠬᠠᠶᠢᠨᠠᠨ ᠲᠣᠭᠤᠷᠢᠭ ᠪᠠᠰᠠ ᠪᠠᠶᠠᠨᠲᠣᠬᠤᠶ ᠪᠠᠯᠭᠠᠰᠤ᠂ ᠷᠠᠰᠠᠩ ᠰᠦᠮ᠎ᠡ ᠪᠠᠯᠭᠠᠰᠤ᠂ | ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠵᠡᠷᠭᠡ ᠭᠠᠵᠠᠷ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠯᠢ ᠣᠯᠠᠨ ︽ᠨᠢᠭᠡ ᠡᠳᠦᠷ ᠤᠨ ᠵᠢᠭᠤᠯᠴᠢᠯᠠᠯ︾ ᠪᠠ ︽ᠬᠤᠶᠠᠷ ᠡᠳᠦᠷ ᠤᠨ | ᠵᠢᠭᠤᠯᠴᠢᠯᠠᠯ︾ ᠤᠨ ᠰᠣᠳᠣᠨ ︽ᠲᠠᠷᠢᠶᠠᠯᠠᠩ ᠰᠣᠶᠣᠯ ᠵᠢᠭᠤᠯᠴᠢᠯᠠᠯ ᠤᠨ ᠬᠤᠳᠠᠯᠳᠤᠭ᠎ᠠ︾ ᠬᠥᠳᠡᠭᠡ ᠲᠣᠰᠬᠤᠨ ᠤ | ᠵᠢᠭᠤᠯᠴᠢᠯᠠᠯ ᠤᠨ ᠵᠠᠮ ᠱᠤᠭᠤᠮ ᠢ ᠨᠠᠷᠢᠨ ᠨᠢᠮᠪᠠᠶ ᠪᠣᠶ ᠪᠣᠯᠭᠠᠵᠤ᠂ ᠵᠢᠭᠤᠯᠴᠢᠯᠠᠭᠴᠢᠳ ᠲᠤ ᠣᠬᠤᠷᠬᠠᠨ | ᠬᠤᠭᠤᠴᠠᠭᠠᠨ ᠤ ᠳᠣᠲᠣᠷ᠎ᠠ ᠬᠠᠶᠢᠨᠠᠨ ᠲᠣᠭᠤᠷᠢᠭ ᠤᠨ ᠡᠯᠪᠡᠭ ᠪᠠᠶᠠᠯᠢᠭ ︽ᠲᠠᠷᠢᠶᠠᠯᠠᠩ ᠰᠣᠶᠣᠯ ᠵᠢᠭᠤᠯᠴᠢᠯᠠᠯ︾ ᠤᠨ | ᠷᠢᠳᠢ ᠰᠢᠳᠢ ᠶᠢ ᠭᠦᠢᠴᠡᠳ ᠣᠶᠢᠯᠠᠭᠠᠭᠤᠯᠪᠠ᠃ |