ᠤᠮᠠᠷᠠᠲᠤ ᠶᠢᠨ ᠬᠠᠶᠢᠨᠠᠨ ᠤ ᠲᠠᠪᠤᠨ ᠰᠠᠷ᠎ᠠ ᠶᠢᠨ ᠨᠢᠭᠡᠨ ᠤ ᠬᠠᠨᠭ᠍ᠭᠠᠨ ᠨᠠᠭᠠᠳᠤᠮ ᠰᠢᠨ᠎ᠡ ᠬᠡᠯᠪᠡᠷᠢ ᠲᠠᠢ
ᠨᠡᠶᠢᠲᠡᠯᠡᠭᠰᠡᠨ ᠴᠠᠭ᠄
2024/5/29
     ᠬᠠᠶᠢᠨᠠᠨ ᠲᠣᠭᠤᠷᠢᠭ ᠨᠢ ᠳᠣᠯᠣᠳᠤᠭᠠᠷ ᠬᠤᠭᠤᠴᠠᠭᠠᠨ ᠤ ᠮᠣᠷᠢ ᠶᠢᠨ ᠵᠢᠩ ᠤᠨ ᠶᠡᠭᠡ ᠬᠤᠷᠠᠯ ᠤᠨ ᠬᠤᠪᠢᠶᠠᠷᠢ ᠲᠠᠯᠠᠪᠠᠶ ᠶᠢᠨ ᠨᠢᠭᠡ ᠪᠣᠯᠤᠭᠰᠠᠨ ᠤ ᠬᠤᠪᠢ ᠳᠤ᠂ ︽ᠤᠮᠠᠷᠠᠲᠤ ᠣᠷᠣᠨ ᠤ ᠬᠠᠶᠢᠨᠠᠨ· ᠬᠠᠲᠤᠨ ᠭᠤᠤᠯ ᠤᠨ ᠰᠠᠯᠬᠢ - ᠦ᠋ ᠢ ᠴᠠᠩ ᠵᠤᠭ᠎ᠠ ᠴᠡᠩᠭᠡᠯ︾ ᠭᠡᠬᠦ ᠠᠵᠢᠯᠯᠠᠭ᠎ᠠ ᠶᠢ ᠤᠷᠲᠤᠳᠬᠠᠨ ᠥᠷᠨᠢᠭᠦᠯᠵᠦ᠂ 5 ᠰᠠᠷ᠎ᠠ ᠶᠢᠨ 1 ᠤ ᠡᠳᠦᠷ᠂ ᠬᠠᠶᠢᠨᠠᠨ ᠲᠣᠭᠤᠷᠢᠭ ᠤᠨ ᠬᠠᠲᠤᠨ ᠭᠤᠤᠯ ᠤᠨ ᠪᠠᠷᠠᠭᠤᠨ ᠵᠣᠷᠴᠢᠡᠭ᠌ᠰᠠᠨ ᠠᠶᠠᠯᠠᠯ ᠤᠨ ᠪᠠᠭᠤᠳᠠᠯ ᠤᠨ ᠰᠣᠶᠣᠯ ᠤᠨ ᠠᠭᠤᠳᠠᠮ ᠲᠠᠯᠠᠪᠠᠶ ᠳᠤ ᠵᠢᠩᠬᠢᠨᠢ ᠪᠠᠷ ᠡᠬᠢᠯᠡᠪᠡ᠃
     ᠠᠵᠢᠯᠯᠠᠭ᠎ᠠ ᠨᠢ ᠬᠥᠷ ᠬᠥᠭᠵᠢᠶᠡᠨ ᠲᠠᠢ ᠡᠬᠢᠯᠡᠬᠦ ᠪᠥᠵᠢᠭ ︽ᠪᠠᠳᠠᠷᠠᠯᠲᠤ ᠴᠠᠭ ᠴᠡᠴᠡᠭ ᠳᠡᠯᠭᠡᠷᠡᠭᠰᠡᠨ︾ ᠳᠤᠮᠳᠠ ᠬᠥᠰᠢᠭᠡ ᠪᠠᠨ ᠰᠡᠬᠦᠵᠦ᠂ ᠦᠵᠡᠵᠦ ᠰᠣᠨᠣᠰᠬᠤ ᠳᠤᠷᠠᠲᠠᠢ ᠤᠯᠠᠨ ᠤᠷᠠᠨ ᠰᠠᠶᠢᠬᠠᠨ ᠤ ᠲᠣᠭᠯᠠᠯᠲᠠ ᠵᠠᠯᠭᠠᠭ᠎ᠠ ᠪᠠᠷ ᠭᠠᠷᠴᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠡ ᠦᠭᠡᠢ ᠶᠠᠪᠤᠭᠳᠠᠪᠠ᠃ ᠲᠤᠬᠠᠶ ᠶᠢᠨ ᠲᠠᠯᠠᠪᠠᠶ ᠳᠤ ᠪᠠᠰᠠ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠴᠤᠭᠯᠠᠭᠠᠨ ᠬᠤᠲᠠ ᠶᠢᠨ ᠲᠣᠭᠤᠷᠢᠭ ᠪᠠᠶᠢᠭᠤᠯᠵᠤ᠂ ᠲᠠᠷᠢᠶᠠᠴᠢᠨ ᠠᠵᠤ ᠠᠬᠤᠶᠢᠯᠠᠯ ᠤᠨ ᠲᠠᠷᠢᠶᠠᠴᠢᠨ ᠡᠷᠦᠬᠡ ᠥᠪᠡᠷ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢᠶᠠᠨ ᠰᠢᠷᠡᠭᠡᠨ ᠳᠡᠭᠡᠷ᠎ᠡ ᠲᠠᠯᠪᠢᠵᠤ᠂ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠤᠬᠠᠭᠤᠯᠤᠨ ᠲᠠᠨᠢᠯᠴᠠᠭᠤᠯᠪᠠ᠃ ᠠᠳᠡ ᠲᠠ ᠬᠠᠶᠢᠨᠠᠨ ᠲᠣᠭᠤᠷᠢᠭ ᠤᠨ ᠠᠮᠲᠠᠲᠤ ᠢᠳᠡᠭᠡᠨ ᠤ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠰᠢᠯᠭᠠᠨ ᠪᠠᠶᠢᠴᠠᠭᠠᠵᠤ ᠪᠣᠯᠤᠨ᠎ᠠ᠂ ᠪᠠᠰᠠ ᠬᠠᠷᠢᠯᠴᠠᠨ ᠣᠶᠢᠯᠠᠭᠠᠯᠴᠠᠬᠤ ᠳᠤᠮᠳᠠ ᠠᠮᠠᠷᠠᠯᠲᠠ ᠶᠢᠨ ᠬᠤᠭᠤᠴᠠᠭᠠᠨ ᠤ ᠪᠠᠶᠠᠷ ᠪᠠᠭ᠋ᠠᠳᠤᠯ ᠢ ᠮᠡᠳᠡᠷᠡᠨ᠎ᠡ︕
     ᠠᠵᠢᠯᠯᠠᠭ᠎ᠠ ᠶᠢᠨ ᠠᠬᠤᠶ ᠲᠠᠯᠠᠪᠠᠶ ᠳᠤ᠂ 600 ᠣᠯᠠᠨ ᠲᠦᠮᠡᠨ ᠦᠨᠳᠦᠰᠦᠲᠡᠨ ᠤ ᠪᠦᠯᠬᠦᠮᠳᠡᠯ ᠤᠨ ᠨᠣᠮᠧᠷᠲᠤ ᠵᠢᠭᠤᠯᠴᠢᠯᠠᠯ ᠤᠨ ᠲᠤᠰᠬᠠᠶ ᠱᠤᠭᠤᠮ ᠳᠤ ᠰᠠᠭᠤᠵᠤ ᠥᠪᠥᠷ ᠮᠣᠩᠭᠤᠯ ᠤᠨ ᠵᠢᠵᠢᠭ ᠭᠤᠷᠪᠠᠨ ᠱᠤᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠬᠦᠷᠢᠶᠡᠯᠡᠩ᠂ ᠳᠤᠮᠳᠠᠳᠤ ᠮᠣᠩᠭᠤᠯ ᠣᠷᠣᠰ ᠤᠨ ᠤᠨᠴᠠᠯᠢᠬᠳᠤ ᠠᠷᠠᠯᠵᠢᠶᠠᠨ ᠤ ᠲᠣᠭᠤᠷᠢᠭ᠂ ᠷᠠᠰᠠᠩ ᠰᠦᠮ᠎ᠡ ᠪᠠᠯᠭᠠᠰᠤᠨ ᠤ ᠲᠤᠬᠠᠶ ᠠᠭᠤᠯᠠ ᠶᠢᠨ ᠰᠣᠶᠣᠯ ᠵᠢᠭᠤᠯᠴᠢᠯᠠᠯ ᠤᠨ ᠣᠷᠣᠨ᠂ ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ ᠳᠤ ᠬᠦᠷᠴᠦ ᠲᠣᠭᠤᠷᠢᠨ ᠦᠵᠡᠵᠦ᠂ ᠮᠣᠷᠢᠨ ᠲᠣᠭᠯᠠᠯᠲᠠ ᠶᠢᠨ ᠪᠦᠯᠬᠦᠮ ᠨᠢᠭᠡᠪᠦᠷᠢ ᠪᠠᠶᠠᠷ ᠬᠥᠷ ᠲᠠᠢ ᠪᠠᠶᠢᠵᠤ᠂ ᠲᠠᠯᠠᠪᠤᠷ ᠪᠦᠷᠢ ᠶᠢᠨ ᠲᠣᠭᠯᠠᠯᠲᠠ ᠨᠢ 400 ᠭᠠᠷᠤᠶ ᠣᠯᠠᠨ ᠲᠦᠮᠡᠨ ᠢ ᠪᠠᠭᠲᠠᠭᠠᠵᠤ᠂ 5000 ᠬᠥᠮᠦᠨ ᠤᠳᠠᠭ᠎ᠠ ᠲᠣᠭᠤᠷᠢᠨ ᠦᠵᠡᠭᠦᠯᠵᠦ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠬᠤᠲᠠ ᠶᠢᠨ ᠠᠷᠠᠳ ᠤᠨ ᠵᠤᠭᠠᠴᠠᠭᠰᠠᠳ ᠲᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠬᠠᠩᠭᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠳᠤ ᠮᠣᠷᠢᠨ ᠲᠣᠭᠯᠠᠭᠠᠮ᠂ ᠪᠡᠯᠡᠳᠬᠡᠯ ᠬᠠᠶᠢᠷᠴᠠᠭ ᠤᠨ ᠴᠤᠭᠯᠠᠭ᠎ᠠ ᠮᠠᠶᠢᠮᠠᠶ᠂ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠂ ᠠᠮᠲᠠᠲᠤ ᠢᠳᠡᠭᠡᠨ ᠤ ᠵᠡᠭᠡᠯᠢ ᠲᠣᠭᠤᠷᠢᠭ᠂ ᠬᠡᠤᠬᠡᠳ ᠤᠨ ᠵᠤᠭ᠎ᠠ ᠴᠡᠩᠭᠡᠯ ᠤᠨ ᠲᠣᠭᠤᠷᠢᠭ᠂ ᠤᠷᠠᠨ ᠰᠠᠶᠢᠬᠠᠨ ᠤ ᠲᠣᠭᠯᠠᠯᠲᠠ ᠵᠡᠷᠭᠡ ᠣᠯᠠᠨ ᠭᠤᠤᠯ ᠰᠡᠳᠦᠪᠲᠦ ᠠᠵᠢᠯᠯᠠᠭ᠎ᠠ ᠲᠣᠬᠢᠷᠠᠭᠤᠯᠵᠤ᠂ ᠬᠠᠶᠢᠨᠠᠨ ᠤ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠦᠭᠰᠡᠨ ᠮᠥᠷᠲᠡᠭᠡᠨ ᠪᠠᠰᠠ ᠬᠠᠶᠢᠨᠠᠨ ᠲᠣᠭᠤᠷᠢᠭ ᠤᠨ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠵᠢᠭᠤᠯᠴᠢᠯᠠᠯ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ︽ᠤᠮᠠᠷᠠᠲᠤ ᠬᠠᠶᠢᠨᠠᠨ︾ ᠬᠤᠲᠠ ᠶᠢᠨ IP ᠠᠯᠳᠠᠷᠰᠢᠯ ᠪᠠ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡ᠃      ᠲᠤᠬᠠᠢ ᠶᠢᠨ ᠲᠠᠯᠠᠪᠠᠢ ᠳᠤ ᠬᠡᠳᠦᠢ ᠬᠥᠭᠵᠢᠶᠡᠨ ᠨᠠᠷᠭᠢᠶᠠᠨ ᠲᠠᠢ ᠪᠠᠶᠢᠭᠰᠠᠨ ᠴᠤ ᠰᠤᠷᠪᠤᠯᠵᠢᠯᠠᠭᠴᠢ ᠶᠢᠨ ᠲᠣᠯᠢᠳᠠᠭ ᠢ ᠳᠠᠭᠠᠵᠤ ᠦᠵᠡᠭᠡᠷᠡᠢ      ᠨᠢᠭᠡ ᠲᠡᠷᠭᠡ᠂ ᠨᠢᠭᠡ ᠪᠡᠯᠡᠳᠬᠡᠯ ᠠᠪᠳᠠᠷ᠎ᠠ᠂ ᠨᠢᠭᠡ ᠬᠤᠳᠠᠯᠳᠤᠬᠤ ᠳᠡᠯᠭᠡᠭᠦᠷ ᠨᠢ ᠪᠡᠯᠡᠳᠬᠡᠯ ᠠᠪᠳᠠᠷ᠎ᠠ ᠶᠢᠨ ᠴᠤᠭᠯᠠᠭ᠎ᠠ ᠮᠠᠶᠢᠮᠠᠢ ᠶᠢᠨ ᠡᠵᠡᠨ ᠤ ᠠᠩᠬᠠᠷᠤᠯ ᠢ ᠲᠠᠲᠠᠬᠤ ᠤᠷᠢᠶ᠎ᠠ ᠯᠣᠽᠦ᠋ᠩ ᠢᠶᠠᠨ ᠡᠯᠭᠦᠵᠦ᠂ ᠴᠠᠭ ᠢᠮᠠᠭᠲᠠ ᠰᠦᠯᠵᠢᠶᠡᠨ ᠳᠡᠭᠡᠷᠡᠬᠢ ᠤᠯᠠᠭᠠᠨ ᠰᠢᠯᠵᠢᠮᠡᠯ ᠵᠢᠵᠢᠭ ᠳᠡᠯᠭᠡᠭᠦᠷ ᠪᠣᠯᠵᠤ ᠬᠤᠪᠢᠷᠠᠪᠠ᠃      ᠬᠠᠳᠤᠨ ᠭᠤᠤᠯ ᠤᠨ ᠪᠠᠷᠠᠭᠤᠨᠰᠢ ᠠᠶᠠᠯᠠᠬᠤ ᠪᠠᠭᠤᠳᠠᠯ ᠤᠨ ᠴᠡᠩᠬᠡᠷ ᠬᠥᠬᠡ ᠤᠭᠳᠠᠷᠭᠤᠢ ᠳᠡᠭᠡᠷ᠎ᠡ ᠨᠡᠩ ᠴᠦ ᠡᠯᠳᠡᠪ ᠥᠩᠭᠡ ᠶᠢᠨ ᠴᠠᠭᠠᠰᠤᠨ ᠰᠢᠪᠠᠭᠤ ᠮᠢᠷᠠᠯᠵᠠᠳᠠᠭ ᠪᠤᠯᠤᠯ᠎ᠠ ᠬᠦᠮᠤᠰ ᠤᠨ ᠬᠠᠮᠳᠤ ᠨᠢᠰᠴᠤ ᠪᠠᠶᠢᠭ᠎ᠠ ᠴᠠᠭᠠᠰᠤᠨ ᠰᠢᠪᠠᠭᠤ ᠪᠤᠯᠭᠠᠨ ᠳᠤ ᠵᠤᠭᠤᠭᠯᠠᠯ᠎ᠠ
     ᠠᠮᠲᠠᠲᠤ ᠢᠳᠡᠭᠡᠨ ᠤ ᠵᠡᠭᠡᠯᠢ ᠲᠣᠭᠤᠷᠢᠭ ᠲᠤ ᠮᠠᠱᠢ ᠣᠯᠠᠨ ᠬᠤᠲᠠ ᠶᠢᠨ ᠠᠷᠠᠳ ᠬᠥᠮᠦᠨ ᠤ ᠣᠷᠴᠢᠯᠠᠩ ᠤᠨ ᠭᠠᠯ ᠤᠨ ᠠᠭᠤᠷ ᠢ ᠴᠢᠨᠠᠵᠤ ᠱᠢᠷᠠᠭᠰᠠᠨ ᠢᠳᠡᠭᠡᠨ ᠢ ᠬᠤᠯᠢᠵᠤ᠂ ᠬᠠᠭᠤᠷᠬᠤ ᠪᠠ ᠬᠢᠬᠦ ᠠᠷᠭ᠎ᠠ ᠨᠢ ᠣᠯᠠᠨ ᠵᠦᠢᠯ ᠤᠨ ᠱᠢᠬᠢᠷᠯᠢᠭ ᠠᠮᠲᠠᠲᠤ ᠢᠳᠡᠭᠡᠨ᠂ ᠡᠯ᠎ᠡ ᠲᠠᠯ᠎ᠠ ᠶᠢᠨ ᠠᠮᠲᠠᠲᠤ ᠢᠳᠡᠭᠡᠨ᠂ ᠱᠢᠬᠢᠷᠯᠢᠭ ᠢᠳᠡᠭᠡᠨ ᠵᠡᠷᠭᠡ ᠣᠯᠠᠨ ᠠᠷᠪᠢᠨ ᠠᠮᠲᠠᠲᠤ ᠢᠳᠡᠭᠡᠨ ᠢ ᠬᠠᠮᠲᠤ ᠳᠤᠨᠢ ᠬᠠᠷᠠᠭᠠᠯᠵᠠᠵᠤ᠂ ᠬᠥᠮᠦᠰ ᠤᠨ ᠬᠤᠳᠣᠭᠤᠳᠣ ᠪᠣᠯᠤᠨ ᠰᠡᠳᠭᠢᠯ ᠵᠢᠷᠦᠬᠡ ᠶᠢ ᠲᠠᠢᠳᠭᠤᠷ ᠠᠭᠤᠯᠵᠤ᠂ ᠨᠢᠭᠡ ᠤᠳᠠᠭᠠᠨ ᠤ ᠮᠠᠷᠲᠠᠭᠳᠠᠱᠢ ᠦᠭᠡᠢ ᠭᠤᠶᠣ ᠰᠠᠢᠬᠠᠨ ᠮᠣᠷᠢᠨ ᠲᠣᠭᠯᠠᠭᠠᠮ ᠤᠨ ᠲᠣᠭᠯᠠᠯᠲᠠ ᠶᠢ ᠰᠣᠨᠢᠷᠬᠠᠵᠤ ᠪᠠᠢᠭ᠎ᠠ ᠥᠩᠭᠡ ᠪᠣᠳᠤᠭ ᠪᠦᠬᠦᠢ ᠭᠤᠯᠭᠤᠭᠤᠷ ᠱᠠᠲᠤ ᠦᠵᠡᠵᠦ᠂ ᠰᠡᠳᠭᠢᠯ ᠵᠢᠷᠦᠬᠡ ᠶᠢ ᠳᠣᠩᠰᠣᠯ ᠭᠠᠨ᠎ᠠ︕ ᠡᠨᠡ ᠬᠠᠪᠤᠷ ᠠᠳᠡ ᠴᠢᠨᠦ ᠠᠯᠢᠪᠠ ᠪᠠᠶᠠᠷ ᠢ ᠳᠠᠭᠠᠭᠠᠴᠢᠯᠠᠨ ᠠᠪᠤᠭᠰᠠᠨ ᠪᠠᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号