ᠤᠮᠠᠷᠠᠲᠤ ᠣᠷᠣᠨ ᠤ ᠬᠠᠶᠢᠨᠠᠨ ᠲᠣᠭᠤᠷᠢᠭ ᠤᠨ 4 ᠵᠤᠷᠪᠤᠰ ᠠᠶᠠᠯᠠᠯ ᠵᠢᠭᠤᠯᠴᠢᠯᠠᠯ  ᠤᠨ ᠵᠠᠮ ᠱᠤᠭᠤᠮ ᠢ ᠲᠠᠨᠢᠯᠴᠠᠭᠤᠯᠤᠶ᠎ᠠ︕
ᠨᠡᠶᠢᠲᠡᠯᠡᠭᠰᠡᠨ ᠴᠠᠭ᠄
2024/5/29
     ᠬᠠᠪᠤᠷ ᠤᠨ ᠤᠷᠢᠨ ᠳᠤᠯᠠᠭᠠᠨ ᠴᠡᠴᠡᠭ ᠳᠡᠯᠭᠡᠷ ᠡᠭᠰᠡᠨ ᠳᠤ ᠮᠠᠱᠢ ᠣᠯᠠᠨ ᠪᠢᠴᠢᠬᠠᠨ ᠨᠠᠢᠵᠠ ᠨᠢᠭᠡᠨᠲᠡ ᠠᠷᠠᠢ ᠴᠢᠷᠠᠢ ᠭᠠᠳᠠᠭᠱᠢ ᠭᠠᠷᠴᠤ ᠨᠠᠭᠠᠳᠬᠤ ᠭᠡᠵᠦ ᠪᠠᠢᠨ᠎ᠠ ᠭᠡᠵᠦ ᠢᠲᠡᠭᠡᠵᠦ ᠪᠠᠢᠨ᠎ᠠ᠂ ᠠᠳᠡ ᠪᠢᠴᠢᠬᠠᠨ ᠨᠠᠢᠷᠠᠭᠤᠯᠤᠭᠴᠢ ᠤᠮᠠᠷᠠᠲᠤ ᠣᠷᠣᠨ ᠤ ᠬᠠᠢᠨ ᠠᠨ ᠳᠤ ᠲᠠᠨᠢᠯᠴᠠᠭᠤᠯᠤᠨ ᠢᠷᠡᠵᠦ᠂ ᠪᠠᠢᠪᠠᠰᠤ ᠵᠣᠬᠢᠬᠤ ᠨᠢ ᠪᠦᠷ 4 ᠰᠣᠳᠣᠨ ᠵᠢᠭᠤᠯᠴᠢᠯᠠᠯ ᠤᠨ ᠱᠤᠭᠤᠮ ᠪᠠᠢᠨ᠎ᠠ᠂ ᠶᠠᠭᠠᠬᠢᠵᠤ ᠨᠠᠭᠠᠳᠬᠤ ᠭᠡᠵᠦ ᠪᠣᠳᠣᠵᠤ ᠪᠠᠢᠪᠠᠯ ᠰᠠᠶᠢ ᠬᠤᠷᠳᠤᠨ ᠢᠷᠡᠵᠦ ᠺᠠᠷᠲ ᠴᠣᠬᠢᠬᠤ ᠪᠣᠢ︖      ᠱᠦ ᠭᠤᠸᠠᠩ ᠲᠤᠰᠬᠤᠨ ᠤ ᠨᠠᠶᠠᠨ ᠵᠢᠷᠭᠤᠭᠠᠨ ᠭᠠᠵᠠᠷ      ᠬᠠᠶᠢᠨᠠᠨ ᠲᠣᠭᠤᠷᠢᠭ ᠤᠨ ᠱᠦ ᠭᠤᠸᠠᠩ ᠲᠣᠰᠬᠤᠨ ᠤ 88 ᠭᠠᠵᠠᠷ ᠲᠤ ᠥᠨᠳᠥᠷ ᠪᠦᠲᠦᠮᠵᠢᠲᠡᠶ ᠲᠠᠷᠢᠮᠠᠯ ᠤᠨ ᠬᠦᠷᠢᠶᠡᠯᠡᠩ ᠤᠳᠤ ᠶᠠᠭ ᠲᠡᠭᠦᠬᠦ ᠤᠯᠠᠷᠢᠯ ᠪᠣᠯᠵᠣ ᠪᠠᠶᠢᠨ᠎ᠠ᠂ ᠫᠷᠦᠸᠧᠨᠰ ᠲᠥᠪᠡᠳ ᠬᠠᠰᠢ᠂ ᠬᠤᠨᠢᠨ ᠤ ᠭᠡᠳᠡᠰᠦᠨ ᠤ ᠪᠠᠺᠲ᠋ᠧᠷᠢ᠂ ᠴᠠᠭᠠᠨ ᠯᠤᠤᠪᠠᠩ᠂ ᠪᠥᠭᠡᠷᠡᠩᠬᠡᠶ ᠴᠠᠭᠠᠨ ᠯᠤᠤᠪᠠᠩ᠂ ᠦᠨᠦᠷᠲᠦ ᠴᠤᠭᠤᠷ ᠪᠣᠯ ᠶᠠᠭ ᠬᠠᠮᠤᠭ ᠤᠨ ᠠᠮᠲᠠᠲᠠᠶ᠂ ᠬᠠᠮᠤᠭ ᠤᠨ ᠰᠢᠨ᠎ᠡ ᠰᠣᠷᠭᠤᠭ ᠴᠠᠭ ᠦᠶ᠎ᠡ ᠪᠣᠯᠤᠨ᠎ᠠ᠃ ᠠᠳᠡ ᠢᠷᠡᠵᠦ ᠬᠥᠳᠡᠭᠡ ᠬᠡᠭᠡᠷ᠎ᠡ ᠶᠢᠨ ᠤᠷᠢᠬᠠᠨ ᠰᠤᠷᠲᠠᠯ ᠢ ᠣᠢᠯᠠᠭᠠᠵᠤ ᠲᠡᠭᠦᠵᠦ᠂ ᠠᠮᠢᠳᠤᠷᠠᠯ ᠤᠨ ᠰᠠᠢᠨ ᠰᠠᠢᠬᠠᠨ ᠢ ᠡᠳ᠋ᠯᠡᠨ᠎ᠡ᠃
           ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ      ᠤᠯᠤᠰ ᠤᠨ 3A ᠲᠠᠰ ᠤᠨ ᠦᠵᠡᠮᠵᠢ ᠶᠢᠨ ᠣᠷᠣᠨ ᠤ ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ᠂ ᠰᠠᠶᠢᠬᠠᠨᠤᠰᠤ ᠲᠣᠰᠬᠤᠨ ᠤ ᠲᠠᠷᠢᠶᠠᠯᠠᠩ ᠮᠠᠯᠵᠢᠯ ᠤᠨ ᠲᠠᠯᠠᠪᠠᠶ᠂ ᠳᠧᠦ ᠳ᠋ᠤᠤ ᠺᠠᠨ ᠬᠤᠶᠠᠷ ᠠᠶᠢᠯ ᠲᠣᠰᠬᠤᠨ ᠢᠶᠠᠷ ᠪᠦᠷᠢᠯᠳᠦᠵᠦ᠂ ᠬᠠᠶᠢᠨᠠᠨ ᠲᠣᠭᠤᠷᠢᠭ ᠤᠨ ᠨᠠᠷᠢᠨ ᠨᠢᠮᠪᠠᠶ ᠪᠠᠶᠢᠭᠤᠯᠤᠭᠰᠠᠨ ᠵᠢᠭᠤᠯᠴᠢᠯᠠᠯ ᠤᠨ ᠲᠥᠷᠥᠯ ᠵᠦᠢᠯ ᠪᠠᠶᠢᠵᠤ᠂ ᠲᠣᠭᠤᠷᠢᠨ ᠦᠵᠡᠬᠦ᠂ ᠠᠷᠠᠳ ᠤᠨ ᠵᠠᠩ ᠳᠠᠳᠬᠠᠯ ᠢ ᠣᠶᠢᠯᠠᠭᠠᠬᠤ ᠪᠠ ᠲᠠᠷᠢᠶᠠᠴᠢᠨ ᠠᠶᠢᠯ ᠤᠨ ᠵᠤᠭᠠᠴᠠᠯ ᠢ ᠨᠢᠭᠡ ᠴᠣᠭᠴᠠ ᠪᠣᠯᠭᠠᠪᠠ᠃ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠭᠤᠷᠢᠨ ᠭᠠᠵᠠᠷ᠂ ᠬᠠᠲᠤᠨ ᠭᠤᠤᠯ ᠤᠨ ᠴᠢᠯᠠᠭᠤᠨ ᠪᠤᠳᠤᠭᠲᠤ ᠵᠢᠷᠤᠭ᠂ ᠥᠪᠡᠷᠮᠢᠴᠡ ᠨᠦᠬᠡᠨ ᠭᠡᠷ ᠢ ᠪᠡᠶᠡᠴᠢᠯᠡᠨ ᠣᠶᠢᠯᠠᠭᠠᠬᠤ᠂ ᠲᠠᠷᠢᠶᠠᠨ ᠭᠠᠵᠠᠷ ᠤᠨ ᠲᠠᠷᠢᠶᠠᠴᠢᠨ ᠠᠶᠢᠯ ᠤᠨ ᠨᠣᠭᠤᠭ᠎ᠠ᠂ ᠬᠠᠲᠤᠨ ᠭᠤᠤᠯ ᠤᠨ ᠠᠮᠲᠠᠲᠤ ᠢᠳᠡᠭᠡᠨ᠂ ᠲᠡᠭᠦᠬᠦ ᠬᠦᠷᠢᠶᠡᠯᠡᠩ ᠁ ᠠᠳᠡ ᠴᠥᠮ ᠨᠢᠭᠡ ᠯᠡ ᠥᠷᠲᠡᠭᠡᠨ ᠤ ᠮᠠᠶ᠋ᠢᠭ ᠢᠶᠠᠷ ᠪᠡᠶᠡᠴᠢᠯᠡᠨ ᠣᠶᠢᠯᠠᠭᠠᠵᠤ ᠪᠣᠯᠤᠨ᠎ᠠ᠃
     ᠶᠠᠩ ᠭᠤᠸᠠᠩ ᠲᠢᠶᠠᠨ ᠢᠦᠶ ᠣᠯᠠᠨ ᠤᠯᠤᠰ ᠤᠨ ᠠᠷᠢᠬᠢᠨ ᠡᠳ᠋ᠯᠡᠩ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠶᠠᠩ ᠭᠤᠸᠠᠩ ᠲᠢᠶᠠᠨ ᠢᠦᠶ ᠣᠯᠠᠨ ᠤᠯᠤᠰ ᠤᠨ ᠠᠷᠢᠬᠢᠨ ᠫᠦᠰᠡ ᠨᠢ ᠰᠠᠶᠢᠬᠠᠬᠤᠰᠤ ᠲᠣᠰᠬᠤᠨ ᠤ ᠬᠤᠶᠢᠲᠤ ᠬᠡᠰᠡᠭ ᠲᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ 15000 ᠮᠥ ᠪᠠᠶᠢᠨ᠎ᠠ᠃ ᠬᠦᠷᠢᠶᠡᠯᠡᠩ ᠲᠣᠭᠤᠷᠢᠭ ᠤᠨ ᠭᠤᠣᠯ ᠴᠢᠳᠠᠮᠵᠢ ᠨᠢ ᠠᠷᠢᠬᠢ ᠨᠡᠷᠡᠬᠦ ᠦᠵᠦᠮ ᠲᠠᠷᠢᠬᠤ᠂ ᠰᠢᠨ᠎ᠡ ᠰᠣᠷᠭᠤᠭ ᠦᠵᠦᠮ ᠤᠨ ᠲᠦᠷᠦᠯ ᠵᠦᠢᠯ ᠢ ᠰᠣᠩᠭᠤᠨ ᠪᠤᠶᠢᠵᠢᠭᠤᠯᠬᠤ᠂ ᠵᠢᠮᠢᠰ ᠤᠨ ᠮᠣᠳᠣ ᠲᠠᠷᠢᠬᠤ᠂ ᠦᠵᠦᠮ ᠤᠨ ᠠᠷᠢᠬᠢ ᠶᠢᠨ ᠡᠳ᠋ᠯᠡᠩ᠂ ᠤᠨᠴᠠᠯᠢᠬᠳᠤ ᠲᠠᠷᠢᠶᠠᠯᠠᠩ᠂ ᠠᠮᠢ ᠠᠬᠤᠢ ᠶᠢᠨ ᠵᠤᠭᠠᠴᠠᠯ᠂ ᠲᠡᠭᠦᠬᠦ ᠥᠩᠭᠡᠷᠡᠯᠲᠡ ᠵᠡᠷᠭᠡ ᠪᠠᠶᠢᠵᠤ᠂ ᠠᠳᠡ ᠳᠤᠭᠤᠢ ᠤᠨᠤᠵᠤ ᠶᠡᠭᠡ ᠬᠡᠪᠴᠢᠶᠡᠨ ᠤ ᠦᠵᠦᠮ ᠤᠨ ᠬᠦᠷᠢᠶᠡᠯᠡᠩ ᠢᠶᠠᠷ ᠰᠦᠯᠵᠢᠯᠳᠦᠵᠦ᠂ ᠥᠪᠡᠷ ᠤᠨ ᠭᠠᠷ ᠢᠶᠠᠷ ᠢᠶᠠᠨ ᠬᠠᠮᠤᠭ ᠤᠨ ᠰᠢᠨ᠎ᠡ ᠦᠵᠦᠮ ᠢ ᠨᠢ ᠲᠡᠭᠦᠵᠦ᠂ ᠰᠢᠨ᠎ᠡ ᠰᠣᠷᠭᠤᠭ ᠠᠷᠢᠬᠢ ᠶᠢ ᠠᠮᠲᠠᠯᠠᠵᠤ᠂ ᠤᠷᠳᠤ ᠬᠤᠭᠤᠴᠠᠭ᠎ᠠ ᠪᠠᠷ ᠵᠥᠷᠢᠴᠡᠭᠰᠡᠨ ᠢ ᠴᠢᠯᠥᠭᠡᠲᠡᠢ ᠪᠠᠶᠢᠯᠭᠠᠬᠤ ᠶᠢ ᠡᠳ᠋ᠯᠡᠨ᠎ᠡ᠃
     ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ᠂ ᠶᠠᠩ ᠭᠤᠸᠠᠩ ᠲᠢᠶᠠᠨ ᠢᠦᠶ ᠣᠯᠠᠨ ᠤᠯᠤᠰ ᠤᠨ ᠠᠷᠢᠬᠢᠨ ᠫᠦᠰᠡ ︽ᠠᠰᠬ᠎ᠠ ᠬᠠᠳᠠ ᠳᠡᠭᠡᠷᠡᠬᠢ ᠪᠠᠯᠧᠲ︾ ᠬᠠᠳᠠ ᠠᠪᠠᠷᠢᠬᠤ᠂ ᠣᠢ ᠰᠢᠭᠤᠶ ᠶᠢ ᠲᠤᠭᠤᠯᠬᠤ ᠬᠥᠳᠡᠯᠭᠡᠭᠡᠨ ᠥᠷᠨᠢᠭᠦᠯᠬᠦ ᠨᠢ ᠠᠳᠡ ᠬᠡᠦᠬᠡᠳ ᠢᠶᠠᠨ ᠳᠠᠭᠠᠭᠤᠯᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠣᠶᠢᠯᠠᠭᠠᠵᠤ᠂ ᠬᠡᠦᠬᠡᠳ ᠤᠨ ᠰᠣᠨᠢᠭᠤᠴᠢ ᠰᠡᠳᠬᠢᠯᠭᠡ ᠪᠠ ᠬᠠᠶᠢᠨ ᠰᠦᠪᠡᠭᠴᠢᠯᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠢᠭᠡᠨ ᠭᠠᠶᠢᠬᠠᠮᠰᠢᠭᠲᠤ ᠭᠡᠨᠡᠨ ᠠᠵᠢᠯᠯᠠᠭ᠎ᠠ ᠶᠢ ᠡᠬᠢᠯᠡᠭᠦᠯᠵᠦ᠂ ︽ᠪᠢᠴᠢᠬᠠᠨ ᠪᠠᠭᠠᠲᠤᠷ ᠪᠠᠭᠠᠲᠤᠷᠴᠤᠳ︾ ᠤᠨ ᠪᠠᠭᠠᠲᠤᠷᠯᠢᠭ ᠬᠦᠰᠡᠯ ᠵᠡᠭᠦᠳᠦ ᠶᠢ ᠲᠡᠷᠭᠡᠯᠰᠢᠭᠦᠯᠬᠦ ᠪᠣᠯᠤᠨ᠎ᠠ᠃
     ︽ᠲᠡᠦᠬᠡ ᠶᠢᠨ ᠳᠤᠷᠠᠰᠬᠠᠯᠲᠤ ᠵᠦᠢᠯ ᠭᠡᠭᠡᠷᠡᠯᠡᠭᠰᠡᠨ︾ ᠵᠢᠭᠤᠯᠴᠢᠯᠠᠯ ᠤᠨ ᠵᠠᠮ ᠱᠤᠭᠤᠮ      ᠪᠠᠯᠪᠠᠷᠠᠢ ᠪᠠᠯᠭᠠᠰᠤᠨ ᠤ ᠵᠡᠭᠦᠨ ᠤᠯᠠᠭᠠᠨ ᠲᠤᠭᠤᠷ ᠦᠷᠲᠡᠭᠡ      ᠪᠠᠶᠠᠨᠲᠤᠬᠤᠢ ᠪᠠᠯᠭᠠᠰᠤᠨ ᠤ ᠵᠡᠭᠦᠨ ᠤᠯᠠᠭᠠᠨ ᠳᠣᠬᠢᠶᠠᠨ ᠤ ᠭᠠᠯ ᠤᠨ ᠳᠣᠬᠢᠶᠠᠨ ᠤ ᠴᠠᠶᠢᠵᠠ ᠨᠢ ᠪᠠᠶᠠᠨᠲᠤᠬᠤᠢ ᠪᠠᠯᠭᠠᠰᠤᠨ ᠤ ᠳ᠋ᠦᠩ ᠬᠤᠩ ᠲᠣᠰᠬᠤᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠥᠨᠳᠥᠷ ᠳᠡᠨᠵᠢ ᠶᠢᠨ ᠳᠡᠭᠡᠷ᠎ᠡ ᠪᠠᠶᠢᠭᠤᠯᠵᠠᠢ᠃ ᠳᠠᠶᠢᠰᠠ ᠨᠢ ᠨᠡᠯᠢᠶᠡᠳ ᠶᠡᠭᠡ᠂ ᠬᠤᠤᠳᠤᠤ ᠬᠡᠯᠪᠡᠷᠢ ᠲᠠᠢ᠂ ᠪᠣᠷᠣ ᠲᠥᠯᠥᠪ ᠲᠣᠳᠣᠷᠬᠠᠶ᠂ ᠪᠦᠬᠦ᠋ᠢᠯᠡ ᠴᠣᠭᠴᠠ ᠨᠢ ᠤᠯᠠᠪᠢᠷ ᠨᠠᠩᠭᠢ ᠰᠢᠷᠣᠶ ᠲᠠᠢ᠃ ᠣᠳᠣ ᠬᠡᠳᠦ᠋ᠢᠪᠡᠷ ᠰᠠᠯᠬᠢᠨ ᠪᠣᠷᠣᠭᠠᠨ ᠳᠤ ᠢᠳᠡᠭᠳᠡᠭᠰᠡᠨ ᠪᠣᠯᠪᠠᠴᠤ ᠲᠤᠬᠠᠶ ᠶᠢᠨ ᠵᠢᠯ ᠳᠡᠭᠡᠨ ᠠᠯᠲᠠᠨ ᠮᠣᠷᠢ᠂ ᠬᠢᠲᠤᠭᠠᠨ ᠰᠡᠯᠡᠮ᠎ᠡ ᠳᠤᠤᠭᠠᠷᠬᠤ ᠶᠢ ᠰᠡᠷᠡᠵᠦ ᠮᠡᠳᠡᠭᠰᠡᠨ ᠪᠠᠶᠢᠨ᠎ᠠ᠃
     ᠳ᠋ᠦ᠋ ᠺᠸᠦ ᠤᠰᠤ ᠲᠠᠲᠠᠬᠤ ᠥᠷᠲᠡᠭᠡ ᠶᠢᠨ ᠣᠯᠣᠮ ᠤᠨ ᠤᠰᠤ ᠲᠠᠲᠠᠬᠤ ᠥᠷᠲᠡᠭᠡ ᠪᠠᠶᠠᠨᠲᠣᠬᠤᠶ ᠪᠠᠯᠭᠠᠰᠤᠨ ᠤ ᠳ᠋ᠦ᠋ ᠺᠸᠦ ᠲᠣᠰᠬᠤᠨ ᠤ ᠪᠠᠷᠠᠭᠤᠨ᠂ ᠬᠠᠲᠤᠨ ᠭᠤᠤᠯ ᠤᠨ ᠵᠡᠭᠦᠨ ᠡᠷᠭᠢ ᠶᠢᠨ ᠭᠤᠣᠯ ᠤᠨ ᠰᠠᠪᠠ ᠳᠤ ᠪᠠᠶᠢᠷᠢᠯᠠᠵᠤ᠂ 1966 ᠣᠨ ᠳᠤ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠨᠢᠭᠡᠳᠦᠭᠡᠷ ᠳᠡᠰ ᠤᠨ ᠤᠰᠤ ᠲᠠᠲᠠᠬᠤ ᠥᠷᠲᠡᠭᠡ ᠳᠤ ᠬᠠᠷᠢᠶᠠᠯᠠᠭᠳᠠᠵᠤ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠪᠣᠯᠤᠨ᠎ᠠ᠃ ᠲᠡᠭᠦᠨ ᠤ ᠪᠦᠲᠦᠭᠡᠨ ᠪᠠᠶᠢᠭᠤᠯᠤᠯᠲᠠ ᠨᠢ ᠪᠠᠶᠠᠨᠲᠤᠬᠤᠢ ᠪᠠᠯᠭᠠᠰᠤᠨ ᠤ ᠲᠣᠰᠬᠤᠨ ᠤ ᠠᠷᠠᠳ ᠢ ᠬᠠᠪᠰᠤᠷᠤᠨ ᠲᠩᠷᠢ ᠶᠢᠨ ᠴᠢᠷᠠᠶ ᠶᠢ ᠬᠠᠷᠠᠵᠤ ᠬᠤᠭᠤᠯᠠ ᠢᠳᠡᠬᠦ ᠠᠮᠢᠳᠤᠷᠠᠯ ᠠᠴᠠ ᠨᠢ ᠠᠩᠭᠢᠵᠢᠷᠠᠭᠤᠯᠵᠤ᠂ ᠬᠠᠶᠢᠨᠠᠨ ᠲᠣᠭᠤᠷᠢᠭ ᠤᠨ ᠬᠥᠭᠵᠢᠯᠲᠡ ᠶᠢᠨ ᠲᠡᠦᠬᠡ ᠶᠢᠨ ᠬᠤᠷᠢᠶᠠᠩᠭᠤᠢ ᠳᠦᠷᠰᠦ ᠪᠣᠯᠤᠨ᠎ᠠ᠃ ᠠᠳᠡ ᠲᠡᠷᠡ ᠬᠦ ᠴᠠᠭ ᠦᠶ᠎ᠡ ᠶᠢᠨ ᠠᠷᠠᠳ ᠤᠯᠠᠨ ᠤ ᠵᠣᠪᠠᠭᠤᠷᠢ ᠵᠦᠳᠡᠭᠦᠷᠢ ᠠᠴᠠ ᠠᠶᠤᠬᠤ ᠦᠭᠡᠢ᠂ ᠭᠠᠯ ᠮᠡᠲᠦ ᠬᠦᠷ ᠬᠥᠭᠵᠢᠶᠡᠨ ᠲᠠᠢ ᠪᠠᠶᠢᠳᠠᠯ ᠢ ᠣᠶᠢᠯᠠᠭᠠᠵᠤ ᠪᠣᠯᠤᠨ᠎ᠠ᠂ ᠠᠬᠠᠮᠠᠳ ᠨᠢᠭᠡ ᠦᠶ᠎ᠡ ᠶᠢᠨ ᠬᠥᠮᠦᠰ ᠤᠨ ᠤᠰᠤ ᠲᠠᠲᠠᠬᠤ ᠦᠷᠳᠡᠭᠡ ᠪᠠᠶᠢᠭᠤᠯᠬᠤ ᠨᠠᠷᠢᠨ ᠨᠢᠭᠲᠠ ᠨᠠᠷᠢᠨ ᠬᠢᠨᠠᠮᠠᠭᠠᠢ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠰᠤᠷᠴᠤ ᠴᠢᠳᠠᠨ᠎ᠠ᠃
     ᠴᠢᠤᠸᠠᠢ ᠡᠯ ᠭᠧᠦ ᠬᠠᠳᠠᠨ ᠵᠢᠷᠤᠭ ᠤᠨ ᠪᠤᠯᠵᠤᠮᠤᠷ ᠤᠨ ᠵᠢᠷᠤᠭ ᠨᠢ ᠲᠤᠮᠳᠠᠳᠤ ᠤᠯᠤᠰ ᠤᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠦᠯᠡᠳᠡᠭᠳᠡᠯ᠂ ᠬᠡᠳᠤᠨ ᠮᠢᠩᠭᠠᠨ ᠵᠢᠯ ᠤᠨ ᠲᠤᠷᠰᠢᠬᠢ ᠵᠢᠷᠤᠭ ᠤᠨ ᠠᠭᠤᠯᠭ᠎ᠠ ᠳᠤ ᠨᠠᠷᠠ᠂ ᠮᠠᠯ᠂ ᠴᠢᠨ᠋ᠸ᠎ᠠ᠂ ᠰᠢᠪᠠᠭᠤ ᠪᠤᠯᠤᠨ ᠬᠦᠮᠦᠨ ᠵᠡᠷᠭᠡ ᠪᠠᠶᠢᠵᠤ᠂ ᠬᠦᠮᠦᠨ ᠪᠤᠯᠤᠨ ᠪᠠᠶᠢᠭᠠᠯᠢ ᠶᠢᠨ ᠡᠶ᠎ᠡ ᠵᠤᠬᠢᠴᠠᠯ ᠢ ᠬᠠᠷᠠᠭᠤᠯᠵᠠᠢ᠃
     ᠭᠠᠨᠳᠠᠷ ᠤᠨ ᠲᠩᠷᠢ ᠨᠢ ᠭᠠᠨᠳᠠᠷ ᠤᠨ ᠡᠮᠦᠨ᠎ᠡ ᠲᠠᠯ᠎ᠠ ᠳᠤ ᠪᠠᠶᠢᠳᠠᠭ ᠥᠨᠳᠥᠷ ᠠᠭᠤᠯᠠᠨ ᠳᠤ ᠵᠡᠭᠦᠨ ᠪᠠᠷᠠᠭᠤᠨ ᠴᠢᠭᠯᠡᠯ ᠤᠨ ᠭᠦᠨ ᠵᠢᠯᠠᠭ᠎ᠠ ᠰᠡᠬᠦ᠋ᠢᠨ ᠰᠦᠨᠳᠡᠷᠯᠡᠵᠦ ᠪᠤᠶ᠃
     ᠡᠯ ᠳ᠋ᠤᠤ ᠺᠠᠨ ᠤ ᠴᠤᠨᠵᠢ ᠶᠢᠨ ᠡᠯ ᠳ᠋ᠤᠤ ᠺᠠᠨ ᠤ ᠴᠤᠨᠵᠢ ᠨᠢ ᠰᠠᠶᠢᠬᠠᠨ ᠤ ᠤᠰᠤ ᠲᠣᠰᠬᠤᠨ ᠤ ᠡᠯ ᠳ᠋ᠤᠤ ᠺᠠᠨ ᠲᠣᠰᠬᠤᠨ ᠤ ᠠᠷᠠᠳ ᠤᠨ ᠳᠤᠭᠤᠶᠢᠯᠠᠩ ᠳᠤ ᠪᠠᠶᠢᠷᠢᠯᠠᠵᠤ᠂ ᠬᠠᠳᠤᠨ ᠭᠤᠣᠯ ᠤᠨ ᠬᠥᠪᠡᠭᠡᠨ ᠳᠤ ᠵᠣᠭᠰᠣᠬᠤ ᠨᠢ ᠥᠨᠳᠥᠷ ᠰᠦᠷᠯᠢᠭ ᠰᠦᠷᠯᠢᠭ ᠲᠤ ᠠᠪᠲᠠᠭᠳᠠᠭᠰᠠᠨ ᠪᠣᠯᠪᠠᠴᠤ ᠰᠦᠷ ᠵᠢᠪᠬᠤᠯᠠᠩᠲᠤ ᠰᠦᠷ ᠵᠢᠪᠬᠤᠭ᠎ᠠ ᠨᠢ ᠮᠥᠨ ᠯᠡ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠪᠠᠶᠢᠨ᠎ᠠ᠃
     ᠦᠬᠠᠢ ᠠᠴᠠ ᠤᠮᠠᠷᠠᠲᠤ ᠬᠡᠰᠡᠭ ᠤᠨ ᠬᠠᠶᠢᠨᠠᠨ ᠳᠤ ᠬᠦᠷᠬᠦ ᠵᠢᠭᠤᠯᠴᠢᠯᠠᠯ ᠤᠨ ᠱᠤᠭᠤᠮ      ᠦᠬᠠᠢ ᠬᠤᠳᠠ ᠶᠢᠨ ᠠᠷᠠᠳ ᠤᠨ ᠠᠭᠤᠳᠠᠮ ᠲᠠᠯᠠᠪᠠᠢ      ᠵᠢᠵᠢᠭ ᠭᠤᠷᠪᠠᠳᠤᠭᠠᠷ ᠱᠤᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠬᠦᠷᠢᠶᠡᠯᠡᠩ ᠮᠧᠬᠠᠨᠢᠭ ᠬᠦᠩᠭᠢᠨᠡᠮ᠎ᠡ ᠳᠠᠭᠤᠨ ᠨᠢᠵᠢᠭᠢᠨᠡᠵᠦ᠂ ᠡᠷᠴᠢ ᠵᠣᠷᠢᠭ ᠲᠡᠭᠦᠯᠳᠡᠷ ᠤᠷᠢᠶ᠎ᠠ ᠨᠢ ᠴᠥᠮ ᠴᠠᠭ ᠦᠶ᠎ᠡ ᠶᠢᠨ ᠠᠶᠠᠰ ᠠᠶᠠᠰ ᠵᠠᠮ ᠠᠴᠠ ᠪᠦᠷᠢᠯᠳᠦᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠯᠬᠠᠪᠴᠢ ᠶᠢ ᠴᠣᠭᠴᠠᠯᠠᠨ ᠪᠠᠶᠢᠭᠤᠯᠵᠠᠢ᠃ ᠡᠯᠡᠰᠦᠨ ᠴᠦᠯ ᠠᠭᠤᠯᠠᠨ ᠬᠤᠨᠣᠵᠤ ᠬᠡᠪᠲᠡᠬᠦ᠂ ᠬᠡᠭᠡᠷ᠎ᠡ ᠬᠤᠨᠣᠵᠤ ᠬᠡᠲᠡ ᠳᠡᠷᠡᠯᠡᠵᠦ᠂ ᠭᠠᠷ ᠡᠷᠭᠦᠨ ᠲᠡᠰᠪᠦᠷᠢᠯᠡᠵᠦ ᠴᠠᠭᠠᠨ ᠭᠠᠷ ᠢᠶᠠᠷ ᠢᠶᠠᠨ ᠠᠳᠠᠯ ᠪᠣᠰᠬᠠᠵᠤ᠂ ᠪᠦᠲᠦᠭᠡᠨ ᠪᠠᠶᠢᠭᠤᠯᠤᠭᠴᠢᠳ ᠢᠲᠡᠭᠡᠯ ᠵᠣᠷᠢᠭ ᠢᠶᠠᠷ ︽ᠵᠢᠵᠢᠭ ᠭᠤᠷᠪᠠᠨ ᠱᠣᠭᠤᠮ︾ ᠤᠨ ᠭᠡᠷᠡᠯ ᠰᠠᠴᠤᠷᠠᠩᠭᠤᠶ ᠠᠮᠵᠢᠯᠲᠠ ᠶᠢ ᠴᠣᠭᠴᠠᠯᠠᠵᠤ᠂ ᠥᠪᠥᠷ ᠮᠣᠩᠭᠤᠯ ᠤᠨ ᠵᠢᠵᠢᠭ ᠭᠤᠷᠪᠠᠨ ᠱᠣᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠬᠦᠷᠢᠶᠡᠯᠡᠩ ᠳᠤ ᠲᠡᠷᠡ ᠬᠦ ᠴᠠᠭ ᠦᠶ᠎ᠡ ᠶᠢᠨ ᠲᠡᠰᠪᠦᠷᠢ ᠬᠠᠲᠠᠭᠤᠵᠢᠯᠲᠠᠶ ᠲᠡᠮᠡᠴᠡᠯ ᠢ ᠪᠡᠶ᠎ᠡ ᠪᠠᠷ ᠢᠶᠠᠨ ᠥᠩᠭᠡᠷᠡᠭᠦᠯᠵᠦ  ᠂  ᠲᠡᠦᠬᠡ  ᠶᠢᠨ ᠴᠤᠤᠷᠢᠶ᠎ᠠ  ᠶᠢ ᠰᠣᠨᠣᠰᠴᠤ  ᠂ ᠬᠤᠪᠢᠰᠬᠠᠯ ᠤᠨ ᠳᠤᠷᠠᠰᠤᠮᠵᠢ  ᠶᠢ  ᠳᠠᠬᠢᠨ  ᠡᠷᠭᠢᠴᠡᠭᠦᠯᠪᠡ᠃
      ᠲᠣᠬᠤᠢ ᠠᠭᠤᠯᠠ ᠶᠢᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯ ᠰᠡᠯᠡᠭᠦᠴᠡᠨ ᠠᠮᠠᠷᠠᠬᠤ᠂ ᠡᠷᠡᠭᠦᠯ ᠮᠡᠨᠳᠦ ᠪᠠᠷ ᠪᠡᠶ᠎ᠡ ᠰᠤᠪᠢᠯᠠᠬᠤ᠂ ᠵᠤᠭᠠᠴᠠᠨ ᠲᠣᠭᠤᠷᠢᠬᠤ ᠵᠡᠷᠭᠡ ᠪᠠᠷ ᠨᠢᠭᠡ ᠴᠣᠭᠴᠠ ᠪᠣᠯᠭᠠᠭᠰᠠᠨ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠪᠣᠯᠤᠨ᠎ᠠ᠃ ᠠᠭᠤᠯᠠᠨ ᠳᠡᠭᠡᠷᠡᠬᠢ ᠠᠭᠤᠢ ᠨᠡᠶᠢᠳᠡᠮ ᠳᠡᠯᠭᠡᠷᠡᠵᠦ᠂ ᠥᠩᠭᠡ ᠦᠵᠡᠮᠵᠢ ᠨᠢ ᠭᠤᠶᠤ ᠰᠠᠶᠢᠬᠠᠨ᠂ ᠦᠵᠡᠮᠵᠢ ᠶᠢᠨ ᠣᠷᠣᠨ ᠤ ᠳᠣᠲᠣᠷᠠᠬᠢ ᠰᠦᠮ᠎ᠡ ᠬᠡᠶᠢᠳ ᠤᠨ ᠪᠠᠷᠢᠯᠭ᠎ᠠ ᠶᠢᠨ ᠬᠡᠪ ᠨᠠᠮᠪᠠ ᠨᠢ ᠥᠪᠡᠷᠮᠢᠴᠡ᠂ ᠨᠠᠷᠢᠨ ᠨᠢᠭᠲᠠ ᠪᠠᠶᠢᠳᠠᠭ᠃
     ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ ᠤᠯᠤᠰ ᠤᠨ 3A ᠲᠠᠰ ᠤᠨ ᠦᠵᠡᠮᠵᠢ ᠶᠢᠨ ᠣᠷᠣᠨ ᠤ ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ᠂ ᠰᠠᠶᠢᠬᠠᠨᠤᠰᠤ ᠲᠣᠰᠬᠤᠨ ᠤ ᠲᠠᠷᠢᠶᠠᠯᠠᠩ ᠮᠠᠯᠵᠢᠯ ᠤᠨ ᠲᠠᠯᠠᠪᠠᠶ᠂ ᠳᠧᠦ ᠳ᠋ᠤᠤ ᠺᠠᠨ ᠬᠤᠶᠠᠷ ᠠᠶᠢᠯ ᠲᠣᠰᠬᠤᠨ ᠢᠶᠠᠷ ᠪᠦᠷᠢᠯᠳᠦᠵᠦ᠂ ᠬᠠᠶᠢᠨᠠᠨ ᠲᠣᠭᠤᠷᠢᠭ ᠤᠨ ᠨᠠᠷᠢᠨ ᠨᠢᠮᠪᠠᠶ ᠪᠠᠶᠢᠭᠤᠯᠤᠭᠰᠠᠨ ᠵᠢᠭᠤᠯᠴᠢᠯᠠᠯ ᠤᠨ ᠲᠥᠷᠥᠯ ᠵᠦᠢᠯ ᠪᠠᠶᠢᠵᠤ᠂ ᠲᠣᠭᠤᠷᠢᠨ ᠦᠵᠡᠬᠦ᠂ ᠠᠷᠠᠳ ᠤᠨ ᠵᠠᠩ ᠳᠠᠳᠬᠠᠯ ᠢ ᠣᠶᠢᠯᠠᠭᠠᠬᠤ ᠪᠠ ᠲᠠᠷᠢᠶᠠᠴᠢᠨ ᠠᠶᠢᠯ ᠤᠨ ᠵᠤᠭᠠᠴᠠᠯ ᠢ ᠨᠢᠭᠡ ᠴᠣᠭᠴᠠ ᠪᠣᠯᠭᠠᠪᠠ᠃ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠭᠤᠷᠢᠨ ᠭᠠᠵᠠᠷ᠂ ᠬᠠᠲᠤᠨ ᠭᠤᠤᠯ ᠤᠨ ᠴᠢᠯᠠᠭᠤᠨ ᠪᠤᠳᠤᠭᠲᠤ ᠵᠢᠷᠤᠭ᠂ ᠥᠪᠡᠷᠮᠢᠴᠡ ᠨᠦᠬᠡᠨ ᠭᠡᠷ ᠢ ᠪᠡᠶᠡᠴᠢᠯᠡᠨ ᠣᠶᠢᠯᠠᠭᠠᠬᠤ᠂ ᠲᠠᠷᠢᠶᠠᠨ ᠭᠠᠵᠠᠷ ᠤᠨ ᠲᠠᠷᠢᠶᠠᠴᠢᠨ ᠠᠶᠢᠯ ᠤᠨ ᠨᠣᠭᠤᠭ᠎ᠠ᠂ ᠬᠠᠲᠤᠨ ᠭᠤᠤᠯ ᠤᠨ ᠠᠮᠲᠠᠲᠤ ᠢᠳᠡᠭᠡᠨ᠂ ᠲᠡᠭᠦᠬᠦ ᠬᠦᠷᠢᠶᠡᠯᠡᠩ ᠁ ᠠᠳᠡ ᠴᠥᠮ ᠨᠢᠭᠡ ᠯᠡ ᠥᠷᠲᠡᠭᠡᠨ ᠤ ᠮᠠᠶ᠋ᠢᠭ ᠢᠶᠠᠷ ᠪᠡᠶᠡᠴᠢᠯᠡᠨ ᠣᠶᠢᠯᠠᠭᠠᠵᠤ ᠪᠣᠯᠤᠨ᠎ᠠ᠃
     ᠳᠤᠮᠳᠠᠳᠤ ᠮᠣᠩᠭᠤᠯ ᠣᠷᠣᠰ ᠤᠨ ᠤᠨᠴᠠᠯᠢᠬᠳᠤ ᠠᠷᠠᠯᠵᠢᠶᠠᠨ ᠤ ᠲᠣᠭᠤᠷᠢᠭ ᠤᠨ ᠳᠤᠮᠳᠠᠳᠤ ᠮᠣᠩᠭᠤᠯ ᠣᠷᠣᠰ ᠤᠨ ᠤᠨᠴᠠᠯᠢᠬᠳᠤ ᠠᠷᠠᠯᠵᠢᠶᠠᠨ ᠤ ᠲᠣᠭᠤᠷᠢᠭ ᠪᠣᠯ ᠬᠠᠶᠢᠨᠠᠨ ᠲᠣᠭᠤᠷᠢᠭ ᠤᠨ ᠤᠯᠤᠰ ᠤᠨ ︽ᠨᠢᠭᠡ ᠪᠦᠰᠡ ᠨᠢᠭᠡ ᠵᠠᠮ︾ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠬᠤ ᠶᠢᠨ ᠲᠥᠯᠥᠭᠡ ᠲᠥᠯᠥᠪᠯᠡᠭᠰᠡᠨ ᠶᠤᠮ᠃ ᠠᠳᠡ ᠠᠷᠢᠬᠢᠨ ᠤ ᠤᠰᠤ᠂ ᠰᠡᠯᠡᠭᠦᠴᠡᠯ ᠤᠨ ᠢᠳᠡᠭᠡᠨ᠂ ᠡᠳᠦᠷ ᠲᠤᠲᠤᠮ ᠤᠨ ᠬᠢᠮᠢ ᠶᠢᠨ ᠠᠵᠤ ᠦᠢᠯᠡᠳᠪᠦᠷᠢ᠂ ᠵᠢᠵᠢᠭ ᠬᠡᠷ ᠤᠨ ᠴᠠᠬᠢᠯᠭᠠᠨ ᠬᠡᠷᠡᠭᠰᠡᠯ᠂ ᠲᠦᠭᠦᠬᠡᠶ ᠰᠣᠷᠭᠤᠭ ᠢᠳᠡᠭᠡᠨ ᠵᠡᠷᠭᠡ ᠲᠥᠷᠥᠯ ᠵᠦᠢᠯ ᠤᠨ ᠬᠢᠯᠢ ᠶᠢᠨ ᠳᠣᠲᠣᠷ᠎ᠠ ᠭᠠᠳᠠᠨᠠᠬᠢ ᠲᠠᠸᠠᠷ ᠢ ᠪᠡᠶᠡᠴᠢᠯᠡᠨ ᠣᠶᠢᠯᠠᠭᠠᠬᠤ ᠳᠡᠯᠭᠡᠭᠦᠷ᠂ ᠦᠢᠯᠡᠳᠬᠦᠨ ᠤ ᠳᠡᠯᠭᠡᠨ ᠪᠣᠷᠣᠯᠠᠭᠤᠯᠬᠤ ᠣᠷᠣᠨ ᠪᠦᠰᠡ ᠪᠠ ᠲᠣᠭᠠᠴᠢᠯᠠᠭᠰᠠᠨ ᠡᠯᠧᠺᠳ᠋ᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠴᠤᠭᠯᠠᠭᠤᠯᠪᠠ᠃ 30 ᠭᠠᠷᠤᠶ ᠤᠯᠤᠰ᠂ 1900 ᠭᠠᠷᠤᠶ ᠲᠠᠸᠠᠷ ᠵᠢᠴᠢ ᠤᠯᠤᠰ ᠤᠨ ᠳᠣᠲᠣᠭᠠᠳᠤ ᠶᠢᠨ 20 ᠭᠠᠷᠤᠶ ᠮᠤᠵᠢ ᠬᠤᠲᠠ᠂ 300 ᠭᠠᠷᠤᠶ ᠵᠦᠶ᠋ᠯ ᠤᠨ ᠳᠤᠮᠳᠠᠳᠤ ᠤᠯᠤᠰ ᠤᠨ ᠨᠢᠭᠡ ᠰᠢᠶᠠᠩ ᠨᠢᠭᠡ ᠦᠶ᠋ᠯᠡᠳᠬᠦᠨ ᠤ ᠣᠷᠣᠨ ᠪᠦᠰᠡ ᠶᠢᠨ ᠨᠠᠷᠠᠲᠤ ᠲᠡᠮᠳᠡᠭᠲᠦ ᠦᠶ᠋ᠯᠡᠳᠬᠦᠨ ᠢ ᠪᠡᠶᠡᠴᠢᠯᠡᠨ ᠣᠶᠢᠯᠠᠭᠠᠵᠤ ᠪᠣᠯᠤᠨ᠎ᠠ᠃
     ︽ᠦᠨᠳᠦᠰᠦᠲᠡᠨ ᠤ ᠪᠦᠯᠬᠦᠮᠳᠡᠯ ᠤᠨ ᠱᠤᠭᠤᠮ︾ ᠤᠨ ᠵᠢᠭᠤᠯᠴᠢᠯᠠᠯ ᠤᠨ ᠱᠤᠭᠤᠮ
       ᠴᠡᠷᠢᠭ ᠤᠨ ᠠᠵᠤ ᠦᠢᠯᠡᠳᠪᠦᠷᠢ ᠶᠢᠨ ᠵᠢᠵᠢᠭ ᠰᠣᠶᠣᠯ ᠤᠨ ᠬᠦᠷᠢᠶᠡᠯᠡᠩ
     ᠳᠤᠮᠳᠠᠳᠤ ᠮᠣᠩᠭᠤᠯ ᠣᠷᠣᠰ ᠤᠨ ᠣᠨᠴᠠᠯᠢᠭ ᠲᠠᠢ ᠠᠷᠠᠯᠵᠢᠶᠠᠨ ᠤ ᠣᠷᠣᠨ
     ᠲᠣᠬᠤᠢ ᠠᠭᠤᠯᠠ ᠶᠢᠨ ᠰᠣᠶᠤᠯ ᠵᠤᠭᠠᠴᠠᠯ ᠤᠨ ᠦᠵᠡᠮᠵᠢ ᠶᠢᠨ ᠤᠷᠤᠨ
      ᠬᠠᠲᠤᠨ ᠭᠤᠣᠯ ᠤᠨ ᠪᠠᠷᠠᠭᠤᠨᠳᠠᠬᠢ ᠠᠶᠠᠨᠴᠢᠳ ᠤᠨ ᠪᠠᠭᠤᠳᠠᠯ
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号