ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ︽ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠭᠤᠤᠯ ᠰᠡᠳᠦᠪᠲᠦ ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/29
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ︽ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ 2024 ᠣᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠬᠦ ᠲᠤᠬᠠᠶ ᠲᠥᠰᠦᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠦᠨᠡᠨ ᠬᠦ ᠥᠷᠨᠢᠭᠦᠯᠵᠦ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ︽ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠵᠤ᠂ ᠡᠨᠧᠷᠭᠢ ᠠᠷᠪᠢᠯᠠᠬᠤ ᠪᠣᠭᠤᠮᠲᠠ ᠰᠢᠪᠲᠤᠯᠬᠤ︾ ᠭᠤᠤᠯ ᠰᠡᠳᠦᠪ ᠤᠨ ᠲᠣᠭᠤᠷᠢᠨ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠡᠨᠧᠷᠭᠢ ᠠᠷᠪᠢᠯᠠᠬᠤ ᠤᠬᠠᠭᠤᠯᠭ᠎ᠠ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠳᠤ ᠠᠭᠤᠰᠬᠠᠵᠤ᠂ ᠭᠤᠤᠯ ᠰᠡᠳᠦᠪᠲᠦ ᠲᠤᠭ ᠮᠠᠨᠳᠤᠭᠤᠯᠬᠤ ᠶᠣᠰᠣᠯᠠᠯ᠂ ᠠᠩᠭᠢ ᠶᠢᠨ ᠬᠤᠷᠠᠯ᠂ ᠰᠠᠨᠠᠭᠠᠴᠢᠯᠠᠭ᠎ᠠ ᠶᠢᠨ ᠪᠢᠴᠢᠭ᠂ ᠬᠠᠶᠢᠷ᠎ᠠ ᠬᠠᠯᠠᠮᠵᠢ ᠶᠢᠨ ᠴᠤᠭᠯᠠᠭ᠎ᠠ ᠮᠠᠶᠢᠮᠠᠶ ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦ ᠪᠠᠭᠰᠢ ᠰᠤᠷᠤᠭᠴᠢᠳ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠂ ᠯᠠᠶᠢᠰᠧᠷ ᠠᠵᠢᠯᠯᠠᠭ᠎ᠠ᠂ ᠤᠰᠤ ᠠᠷᠪᠢᠯᠠᠵᠤ ᠴᠠᠬᠢᠯᠭᠠᠨ ᠠᠷᠪᠢᠯᠠᠬᠤ᠂ ᠪᠣᠬᠢᠷᠲᠤᠯ ᠥᠬᠡᠶ ᠪᠠᠷ ᠶᠠᠪᠤᠵᠤ ᠰᠠᠭᠤᠬᠤ ᠵᠡᠷᠭᠡ ᠲᠠᠯ᠎ᠠ ᠲᠠᠯ᠎ᠠ ᠶᠢ ᠬᠥᠲᠥᠯᠦᠨ ᠵᠢᠯᠣᠭᠤᠳᠪᠠ᠃ ᠪᠦᠬᠦ ᠣᠷᠣᠨ ᠤ ᠳᠣᠯᠣᠭᠠᠨ ᠳᠤᠮᠳᠠᠳᠤ ᠪᠠᠭ᠎ᠠ ᠰᠤᠷᠭᠠᠭᠤᠯᠢ ᠶᠢᠨ 8000 ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃
      ᠲᠣᠰ ᠤᠳᠠᠭᠠᠨ ᠤ ᠭᠤᠤᠯ ᠰᠡᠳᠦᠪᠲᠦ ᠠᠵᠢᠯᠯᠠᠭ᠎ᠠ ᠶᠢᠨ ᠡᠯ᠎ᠡ ᠰᠤᠷᠭᠠᠭᠤᠯᠢ ᠦᠵᠡᠵᠦ ᠰᠣᠨᠢᠷᠬᠠᠬᠤ ᠳᠤᠷᠠᠲᠠᠶ ᠠᠵᠢᠯᠯᠠᠭ᠎ᠠ ᠶᠢᠨ ᠬᠡᠯᠪᠡᠷᠢ ᠶᠢ ᠠᠪᠴᠤ᠂ ᠨᠢᠭᠡ ᠳᠤ ᠭᠤᠷᠪᠠᠳᠤᠭᠠᠷ ᠪᠠᠭ᠎ᠠ ᠰᠤᠷᠭᠠᠭᠤᠯᠢ ᠶᠡᠭᠡ ᠬᠢᠴᠢᠶᠡᠯ ᠤᠨ ᠵᠠᠪᠰᠠᠷᠯᠠᠭ᠎ᠠ ᠶᠢᠨ ᠲᠠᠰᠤᠭ ᠲᠤ ︽ᠬᠠᠲᠤᠨ ᠭᠤᠤᠯ ᠤᠨ ᠱᠠᠩᠨᠠᠯ︾ ᠤᠨ ᠰᠦᠯᠵᠢᠶᠡᠨ ᠭᠠᠳᠠᠨ᠎ᠠ ᠤᠬᠠᠭᠤᠯᠤᠨ ᠲᠠᠶᠢᠯᠪᠤᠷᠢᠯᠠᠬᠤ ᠵᠢᠴᠢ ︽ᠤᠯᠠᠭᠠᠨ ᠪᠥᠴᠡᠲᠡᠨ ᠤ ᠲᠣᠭᠤᠷᠢᠨ ᠲᠠᠶᠢᠯᠪᠤᠷᠢᠯᠠᠬᠤ ᠪᠦᠯᠬᠦᠮ︾ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ︽ᠬᠠᠳᠤᠨ ᠭᠤᠣᠯ ᠤᠨ ᠱᠠᠩᠨᠠᠯ︾ ᠤᠨ ᠤᠬᠠᠭᠤᠯᠤᠨ ᠲᠠᠶᠢᠯᠪᠤᠷᠢᠯᠠᠭᠴᠢ ᠾᠧ ᠽᠧ ᠷᠦᠢ᠂ ᠶᠠᠩ ᠰᠢᠶᠤᠤ ᠬᠠᠨ ᠵᠢᠴᠢ ︽ᠤᠯᠠᠭᠠᠨ ᠪᠥᠴᠡᠲᠡᠨ ᠤ ᠲᠣᠭᠤᠷᠢᠨ ᠲᠠᠶᠢᠯᠪᠤᠷᠢᠯᠠᠬᠤ ᠪᠦᠯᠬᠦᠮ︾ ᠤᠨ ᠪᠦᠷᠢᠯᠳᠦᠬᠦᠨ ᠯᠢᠦ ᠮᠢᠩ ᠵᠢᠶᠦ᠋ᠨ ᠪᠠᠭᠰᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠲᠣᠭᠤᠷᠢᠨ ᠳᠤ ᠤᠬᠠᠭᠤᠯᠤᠨ ᠲᠠᠶᠢᠯᠪᠤᠷᠢᠯᠠᠵᠤ᠂ ᠪᠦᠬᠦ ᠤᠯᠤᠰ ᠤᠨ ᠡᠨᠧᠷᠭᠢ ᠠᠷᠪᠢᠯᠠᠬᠤ ᠭᠠᠷᠠᠭ ᠪᠣᠯᠤᠨ ᠪᠦᠬᠦ ᠤᠯᠤᠰ ᠤᠨ ᠳᠣᠣᠷ᠎ᠠ ᠨᠡᠭᠦᠷᠡᠰᠦᠲᠥ᠋ᠷᠥᠭᠴᠢᠲᠦ ᠡᠳᠦᠷ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠮᠡᠳᠡᠯᠭᠡ ᠶᠢ ᠶᠠᠷᠢᠵᠤ᠂ ᠭᠡᠰᠢᠭᠦᠳ ᠢᠶᠠᠨ ᠳᠠᠭᠠᠭᠤᠯᠤᠨ ᠡᠨᠧᠷᠭᠢ ᠠᠷᠪᠢᠯᠠᠬᠤ ᠤᠬᠠᠮᠰᠠᠷ ᠢᠶᠠᠨ ᠴᠢᠩᠭᠠᠳᠬᠠᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠵᠤ᠂ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠪᠠᠭ᠎ᠠ ᠡᠯᠴᠢ ᠪᠣᠯᠤᠨ ᠬᠤᠭ ᠨᠣᠪᠰᠢ ᠶᠢ ᠲᠦᠷᠦᠯ ᠬᠤᠪᠢᠶᠠᠬᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠨ᠎ᠠ᠃ ᠬᠤᠶᠠᠷ ᠲᠤ᠂ ︽ᠬᠠᠭᠤᠴᠢᠨ ᠪᠣᠳᠠᠰ ᠤᠨ ᠰᠢᠨ᠎ᠡ ᠰᠤᠷᠤᠭᠴᠢ︾ ᠶᠢᠨ ᠬᠠᠶᠢᠷ᠎ᠠ ᠬᠠᠯᠠᠮᠵᠢ ᠶᠢᠨ ᠴᠤᠭᠯᠠᠭ᠎ᠠ ᠮᠠᠶᠢᠮᠠᠶ ᠶᠢ ᠥᠷᠨᠢᠭᠦᠯᠵᠦ᠂ ᠰᠢᠨ᠎ᠡ ᠬᠠᠭᠤᠴᠢᠨ ᠪᠣᠳᠠᠰ ᠤᠨ ᠴᠤᠭᠯᠠᠭ᠎ᠠ ᠮᠠᠶᠢᠮᠠᠶ ᠪᠠᠷ ᠳᠠᠮᠵᠢᠭᠤᠯᠤᠨ ᠬᠠᠶᠠᠭᠳᠠᠮᠠᠯ ᠬᠠᠭᠤᠴᠢᠨ ᠡᠳ᠋ ᠪᠣᠳᠠᠰ ᠢ ᠠᠮᠢᠯᠠᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠣᠶᠢᠯᠠᠭᠠᠭᠳᠠᠬᠤᠨ ᠢ ᠪᠤᠢ ᠪᠣᠯᠭᠠᠨ᠎ᠠ᠃ ᠭᠤᠷᠪᠠ ᠳᠤ᠂ ᠪᠠᠷᠠᠭᠤᠨ ᠤᠷᠠᠨᠳᠦ᠋ᠰᠢ ᠰᠤᠷᠭᠠᠭᠤᠯᠢ ᠶᠢᠨ ︽ᠨᠣᠭᠤᠭᠠᠷᠠᠭᠤᠯᠤᠨ ᠳᠠᠷᠢᠵᠤ ᠲᠡᠵᠢᠭᠡᠬᠦ︾ ᠰᠤᠷᠭᠠᠭᠤᠯᠢ ᠶᠢᠨ ᠬᠦᠷᠢᠶᠡᠨ ᠤ ᠠᠵᠢᠯᠯᠠᠭ᠎ᠠ ᠥᠷᠨᠢᠭᠦᠯᠪᠡ᠃ ᠨᠣᠭᠤᠭᠠᠨ ᠤᠷᠭᠤᠮᠠᠯ ᠢ ᠡᠯ᠎ᠡ ᠠᠩᠭᠢ ᠶᠢᠨ ᠬᠢᠴᠢᠶᠡᠯ ᠤᠨ ᠭᠡᠷ ᠪᠣᠯᠤᠨ ᠰᠤᠷᠭᠠᠭᠤᠯᠢ ᠶᠢᠨ ᠵᠢᠭᠠᠨ ᠰᠤᠳᠤᠯᠬᠤ ᠲᠠᠰᠤᠭ ᠲᠤ ᠲᠠᠯᠪᠢᠵᠤ᠂ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠬᠠᠮᠲᠤ ᠬᠥᠳᠡᠯᠮᠦᠷᠢ ᠶᠢᠨ ᠬᠥᠮᠦᠵᠢᠯ ᠢ ᠬᠠᠮᠲᠤ ᠶᠢᠨ ᠦᠵᠡᠯ ᠤᠨ ᠬᠥᠮᠦᠵᠢᠯ᠂ ᠡᠳᠦᠷ ᠲᠤᠲᠤᠮ ᠤᠨ ᠠᠵᠢᠯᠯᠠᠭᠠᠨ ᠤ ᠵᠢᠷᠤᠮᠵᠢᠯ ᠤᠨ ᠬᠥᠮᠦᠵᠢᠯ ᠲᠠᠢ ᠤᠶᠠᠯᠳᠤᠭᠤᠯᠬᠤ ᠬᠡᠷᠡᠭᠲᠡᠶ᠃ ᠲᠦᠷᠪᠡ ᠳᠤ᠂ ︽ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠭᠡᠬᠦ ᠭᠤᠣᠯ ᠰᠡᠳᠦᠪᠲᠦ ᠡᠪᠯᠡᠯ ᠤᠨ ᠬᠢᠴᠢᠶᠡᠯ ᠥᠷᠨᠢᠭᠦᠯᠬᠦ ᠶᠢᠨ ᠬᠠᠮᠲᠤ ᠠᠵᠢᠯᠯᠠᠭ᠎ᠠ ᠶᠢᠨ ᠰᠠᠨᠠᠭᠠᠴᠢᠯᠠᠭ᠎ᠠ ᠭᠠᠷᠭᠠᠪᠠ᠃
         ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠬᠡᠯᠪᠡᠷᠢ ᠨᠢ ᠤᠯᠠᠨ ᠶᠠᠩᠵᠤ ᠶᠢᠨ ᠡᠨᠧᠷᠭᠢ ᠠᠷᠪᠢᠯᠠᠬᠤ ᠪᠠᠭ᠎ᠠ ᠨᠡᠭᠦᠷᠡᠰᠦᠲᠥ᠋ᠷᠥᠭᠴᠢᠲᠦ ᠰᠢᠷᠢᠰ ᠰᠤᠷᠭᠠᠨ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠵᠤ᠂ ᠰᠤᠷᠤᠭᠴᠢᠳ ᠲᠤ ᠳᠣᠣᠷ᠎ᠠ ᠨᠡᠭᠦᠷᠡᠰᠦᠲᠥ᠋ᠷᠥᠭᠴᠢᠲᠦ ᠪᠣᠬᠢᠷᠲᠤᠯ ᠦᠭᠡᠢ ᠶᠠᠪᠤᠵᠤ ᠰᠠᠭᠤᠬᠤ ᠵᠡᠷᠭᠡ ᠡᠯ᠎ᠡ ᠵᠦᠢᠯ ᠤᠨ ᠡᠨᠧᠷᠭᠢ ᠠᠷᠪᠢᠯᠠᠬᠤ ᠳᠣᠣᠷ᠎ᠠ ᠨᠡᠭᠦᠷᠡᠰᠦᠲᠥ᠋ᠷᠥᠭᠴᠢᠲᠦ ᠮᠡᠳᠡᠯᠭᠡ ᠶᠢ ᠣᠶᠢᠯᠠᠭᠠᠭᠤᠯᠬᠤ ᠪᠠᠷ ᠪᠠᠷᠠᠬᠤ ᠦᠭᠡᠢ ᠪᠠᠰᠠ ᠨᠡᠭᠦᠷᠡᠰᠦᠲᠥ᠋ᠷᠥᠭᠴᠢ ᠪᠠᠭ᠎ᠠ᠂ ᠡᠨᠧᠷᠭᠢ ᠠᠷᠪᠢᠯᠠᠬᠤ ᠤᠬᠠᠮᠰᠠᠷ ᠢ ᠪᠤᠢ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠰᠠᠨᠠᠭᠠᠴᠢᠯᠠᠭᠴᠢ᠂ ᠤᠯᠠᠮᠵᠢᠯᠠᠭᠴᠢ ᠪᠠ ᠦᠢᠯᠡᠳᠦᠯᠭᠡᠵᠢᠭᠦᠯᠦᠭᠴᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号