ᠦᠰᠦᠭᠲᠦ ᠲᠠᠶᠢᠯᠤᠮᠵᠢ᠄ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/30
      ᠤᠳᠤᠷᠢᠳᠬᠠᠯ᠄ 2024 ᠣᠨ ᠤ 1 ᠰᠠᠷ᠎ᠠ ᠶᠢᠨ 4 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2020 ᠣᠨ ᠤ ᠰᠢᠨ᠎ᠡ ᠵᠢᠯ ᠤᠨ ᠪᠠᠶᠠᠷ ᠤᠨ ᠦᠭᠡ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 2020 ᠣᠨ ᠤ ᠰᠢᠨ᠎ᠡ ᠵᠢᠯ ᠤᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠢᠶᠠᠷ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠵᠢᠯ ᠤᠨ ᠡᠴᠦᠰ ᠪᠣᠯᠬᠤ ᠳᠤ᠂ ᠡᠯ᠎ᠡ ᠪᠠᠯᠭᠠᠰᠤᠨ ᠤ ᠠᠯᠪᠠᠨ ᠭᠡᠷ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠣᠨᠴᠠᠭᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠤᠷᠢᠳᠴᠢᠯᠠᠨ ᠰᠠᠶᠢᠲᠤᠷ ᠲᠤᠬᠢᠷᠠᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ᠂ ᠠᠮᠤᠷ ᠲᠦᠪᠰᠢᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ 2024 ᠣᠨ ᠤ ᠭᠤᠣᠯ ᠪᠣᠯᠬᠤ ᠠᠵᠤ ᠠᠬᠤᠢ ᠨᠡᠶᠢᠭᠡᠮ ᠤᠨ ᠭᠦᠢᠴᠡᠳᠬᠡᠯ ᠲᠤᠭ᠎ᠠ᠂ ᠠᠵᠤ ᠠᠬᠤᠢ ᠨᠡᠶᠢᠭᠡᠮ ᠤᠨ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号