ᠦᠰᠦᠭᠲᠦ ᠲᠠᠶᠢᠯᠤᠮᠵᠢ᠄ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/30
      ᠤᠳᠤᠷᠢᠳᠬᠠᠯ᠄ 2024 ᠣᠨ ᠤ 1 ᠰᠠᠷ᠎ᠠ ᠶᠢᠨ 15 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠲᠠᠬᠢᠨ ᠵᠥᠪᠯᠡᠬᠦ ᠬᠠᠤᠯᠢ︾ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠵᠠᠰᠠᠪᠤᠷᠢ ᠣᠷᠣᠭᠤᠯᠤᠭᠰᠠᠨ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠲᠠᠬᠢᠨ ᠵᠥᠪᠯᠡᠬᠦ ᠬᠠᠤᠯᠢ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ ᠰᠤᠷᠤᠯᠴᠠᠬᠤ᠂ ᠪᠣᠯᠪᠠᠰᠤᠷᠠᠭᠤᠯᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠪᠠᠷᠢᠯ ᠢ ᠭᠦᠢᠴᠡᠳ ᠬᠡᠷᠡᠭᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠬᠢᠵᠠᠭᠠᠷᠯᠠᠬᠤ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠮᠠᠨ ᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠬᠤᠷᠠᠯ ᠠᠴᠠ ᠬᠠᠶᠢᠨᠠᠨ ᠲᠣᠭᠤᠷᠢᠭ ᠤᠨ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠠᠭᠤᠷᠬᠠᠢ ᠶᠢᠨ ᠡᠷᠬᠡ ᠶᠢ ᠨᠡᠶᠢᠳᠬᠡᠬᠦ ᠠᠵᠢᠯ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠠᠵᠢᠯ ᠪᠣᠯᠤᠨ᠎ᠠ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠬᠤ ᠬᠠᠷᠢᠭᠤᠴᠠᠯᠭ᠎ᠠ᠂ ᠲᠤᠰᠬᠠᠶ ᠠᠩᠭᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠰᠠᠭᠤᠳᠠᠯ ᠢ ᠰᠢᠶ᠋ᠳᠪᠦᠷᠢᠯᠡᠵᠦ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠴᠤᠪᠤᠷᠠᠯ ᠵᠢᠷᠤᠭ ᠲᠠᠢ ᠬᠠᠷᠢᠴᠠᠭᠤᠯᠤᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠵᠢᠭᠰᠠᠭᠠᠵᠤ᠂ ︽ᠪᠣᠯᠪᠠᠰᠤᠷᠠᠩᠭᠤᠶ ᠪᠣᠯᠪᠠᠯ ᠨᠢᠭᠡ ᠶᠢ ᠡᠮᠬᠢᠯᠡᠨ ᠨᠡᠶᠢᠯᠡᠭᠦᠯᠬᠦ︾ ᠵᠠᠷᠴᠢᠮ ᠶᠣᠰᠣᠭᠠᠷ᠂ ᠴᠠᠭ ᠮᠥᠴᠡ ᠶᠢ ᠠᠮᠵᠢᠨ ᠲᠦᠷᠭᠡᠳᠬᠡᠨ ᠠᠬᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ ᠡᠮᠬᠢᠯᠡᠨ ᠨᠡᠶᠢᠯᠡᠭᠦᠯᠬᠦ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠦᠷᠭᠦᠯᠵᠢᠯᠡᠨ ᠭᠦᠨᠵᠡᠭᠡᠶ ᠨᠠᠷᠢᠨ ᠨᠢᠮᠪᠠᠶ ᠰᠠᠶᠢᠲᠤᠷ ᠬᠢᠵᠦ᠂ ᠤᠯᠤᠰ ᠤᠨ ᠲᠥᠷᠥ ᠶᠢᠨ ᠪᠣᠳᠣᠯᠭ᠎ᠠ ᠪᠠ ᠣᠳᠣᠬᠠᠨ ᠤ ᠪᠠᠶᠢᠳᠠᠯ ᠢ ᠲᠣᠳᠣᠷᠬᠠᠶ ᠶᠠᠷᠢᠵᠤ᠂ ᠠᠵᠤ ᠠᠬᠤᠶᠢᠯᠠᠯ ᠤᠨ ᠠᠵᠢᠭᠯᠠᠬᠤ ᠰᠡᠳᠬᠢᠴᠡ ᠶᠢ ᠠᠷᠢᠯᠭᠠᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠡᠮᠬᠢᠯᠡᠨ ᠨᠡᠶᠢᠯᠡᠭᠦᠯᠬᠦ ᠳᠤ ᠣᠷᠣᠯᠴᠠᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠬᠥᠭᠵᠢᠭᠦᠯᠬᠦ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠤᠷᠠᠯ ᠠᠴᠠ ᠪᠠᠰᠠ ︽ᠬᠠᠶᠢᠨᠠᠨ ᠲᠣᠭᠤᠷᠢᠭ ᠤᠨ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ︿ᠲᠡᠷᠢᠭᠦᠨ ᠤ ᠬᠢ ᠶᠢ ᠲᠡᠮᠡᠴᠡᠨ ᠤᠯᠬᠤ᠂ ᠮᠣᠷᠢ ᠤᠷᠤᠯᠳᠤᠬᠤ﹀ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号