ᠦᠰᠦᠭᠲᠦ ᠲᠠᠶᠢᠯᠤᠮᠵᠢ᠄  ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/30
      ᠤᠳᠤᠷᠢᠳᠬᠠᠯ᠄ 2024 ᠣᠨ ᠤ 2 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      ᠬᠤᠷᠠᠯ ᠠᠴᠠ 1 ᠰᠠᠷ᠎ᠠ ᠶᠢᠨ 31 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠪᠣᠯᠤᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠡᠯ᠎ᠡ ᠪᠠᠯᠭᠠᠰᠤᠨ ᠤ ᠠᠯᠪᠠᠨ ᠬᠡᠷ᠂ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠭᠦᠨᠵᠡᠭᠡᠶ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰᠵᠢᠯᠲᠡ᠂ ᠤᠶᠤᠨᠴᠢᠯᠠᠯᠲᠠ᠂ ᠪᠣᠬᠢᠷᠲᠤᠯ ᠥᠬᠡᠶ ᠪᠠᠷ ᠲᠠᠰ ᠳᠡᠪᠰᠢᠭᠦᠯᠬᠦ ᠥᠭᠡᠷᠡᠴᠢᠯᠡᠯᠲᠡ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠳᠬᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠲᠠᠰ ᠳᠡᠪᠰᠢᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠪᠠᠷ ᠦᠢᠯᠡᠳᠪᠦᠷᠢᠯᠡᠯ ᠤᠨ ᠬᠦᠴᠦᠨ ᠤ ᠳᠡᠭᠡᠭᠰᠢᠯᠡᠯᠲᠡ ᠶᠢ ᠠᠬᠢᠭᠤᠯᠬᠤ ᠶᠢᠨ ᠬᠠᠮᠲᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶ ᠪᠣᠯᠭᠠᠨ ᠬᠥᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠴᠢᠷᠮᠠᠶᠢᠨ ᠨᠡᠭᠡᠭᠡᠬᠦ ᠬᠡᠷᠡᠭᠲᠡᠶ ᠭᠡᠵᠦ ᠴᠢᠬᠤᠯᠠᠴᠢᠯᠠᠪᠠ᠃ 2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠨᠠᠶᠢᠳᠠᠪᠤᠷᠢᠵᠢᠭᠤᠯᠬᠤ ᠶᠢ ᠣᠳᠣᠬᠠᠨ ᠤ ᠴᠢᠬᠤᠯᠠ ᠡᠭᠦᠷᠭᠡ ᠪᠣᠯᠭᠠᠵᠤ᠂ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠢ ᠠᠳᠬᠤᠵᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠢ ᠠᠳᠬᠤᠬᠤ ᠶᠢ ᠪᠠᠷᠢᠮᠲᠠᠯᠠᠵᠤ᠂ ︽ᠮᠢᠩᠭᠠᠨ ᠲᠦᠮᠡᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯ ᠤᠨ ᠠᠷᠭ᠎ᠠ ᠪᠣᠯᠤᠨ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠰᠢᠨ᠎ᠡ ᠴᠠᠭ ᠦᠶ᠎ᠡ ᠰᠢᠨ᠎ᠡ ᠠᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ᠬᠠᠶᠢᠨᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃      ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠦᠬᠠᠢ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠰᠠᠶᠢᠲᠤᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠪᠦᠲᠦᠴᠡ ᠪᠠᠨ ᠲᠤᠬᠢᠷᠠᠭᠤᠯᠬᠤ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠲᠠᠯ᠎ᠠ ᠪᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠦᠵᠡᠰᠬᠦᠯᠡᠩᠲᠦ ᠰᠠᠶᠢᠬᠠᠨ ᠠᠮᠢ ᠠᠬᠤᠢ᠂ ᠪᠣᠬᠢᠷᠲᠤᠯ ᠦᠭᠡᠢ ᠨᠡᠮᠡᠭᠳᠡᠯ ᠢ ᠨᠡᠮᠡᠭᠳᠡᠭᠦᠯᠬᠦ ᠲᠠᠯ᠎ᠠ ᠪᠠᠷ ᠬᠦᠴᠦ ᠪᠠᠨ ᠨᠡᠮᠡᠭᠳᠡᠭᠦᠯᠵᠦ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ ︽ᠶᠢᠰᠦᠨ ᠰᠤᠷᠲᠠᠯ︾ ᠤᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠲᠦᠷᠪᠡᠨ ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ︽ᠲᠦᠷᠭᠡᠨ︾᠂ ︽ᠪᠣᠳᠠᠲᠠᠢ︾᠂ ︽ᠤᠶᠠᠨ ᠬᠠᠳᠠᠨ ᠴᠢᠨᠠᠷ︾᠂ ︽ᠪᠠᠶᠠᠷ ᠤᠨ ᠡᠳᠦᠷ︾ ᠳᠡᠭᠡᠷ᠎ᠡ ᠬᠦᠴᠦ ᠣᠷᠣᠭᠤᠯᠵᠤ᠂ ᠦᠷᠭᠦᠯᠵᠢᠯᠡᠨ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠲᠡᠰᠢ ᠰᠡᠯᠡᠮ᠎ᠡ ᠪᠠᠨ ᠦᠵᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠢᠴᠢ ᠨᠡᠭᠦᠷᠡᠰᠦ ᠶᠢ ᠤᠬᠢᠶᠠᠵᠤ ᠰᠣᠩᠭᠤᠬᠤ ᠠᠵᠤ ᠦᠢᠯᠡᠰ ᠤᠨ ᠬᠦᠷᠢᠶᠡᠯᠡᠩ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠢᠯ ᠤᠨ ᠡᠬᠢᠯᠡᠯᠲᠡ ᠪᠠ ᠰᠠᠭᠤᠷᠢ ᠮᠥᠨ᠂ ᠪᠦᠬᠦ ᠵᠢᠯ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠴᠢᠩᠭ᠎ᠠ ᠲᠣᠭᠲᠠᠭᠠᠵᠤ᠂ ᠲᠦᠷᠦᠯ ᠵᠦᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠨᠢᠭᠡᠳᠦᠭᠡᠷ ᠤᠯᠠᠷᠢᠯ ᠠᠴᠠ ᠡᠬᠢᠯᠡᠨ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠶᠡᠬᠡᠪᠡᠷ ᠠᠳᠬᠤᠵᠤ᠂ ᠲᠤᠮᠤ ᠲᠦᠷᠦᠯ ᠵᠦᠢᠯ ᠢ ᠠᠳᠬᠤᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠪᠦᠬᠦ ᠲᠠᠯ᠎ᠠ ᠪᠠᠷ ᠲᠦᠷᠭᠡᠳᠬᠡᠵᠦ᠂ ᠲᠤᠰᠬᠠᠢ ᠬᠥᠮᠦᠨ ᠲᠣᠭᠲᠠᠭᠠᠨ ᠮᠥᠷᠳᠡᠨ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠪᠠᠲᠤᠯᠠᠵᠤ᠂ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠲᠡ ᠳᠤ ᠭᠦᠢᠴᠡᠳ ᠪᠡᠯᠡᠳᠬᠡᠯ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠠᠯᠢᠪᠠ ᠠᠰᠢᠭᠲᠠᠢ ᠴᠠᠭ ᠲᠣᠬᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠲᠦᠷᠦᠯ ᠵᠦᠢᠯ ᠢ ᠭᠦᠨᠵᠡᠭᠡᠢ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠪᠠᠷ ᠲᠦᠷᠦᠯ ᠵᠦᠢᠯ ᠢ ᠡᠯᠰᠡᠵᠦ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢ ᠪᠠᠲᠤ ᠪᠤᠢ ᠪᠣᠯᠭᠠᠵᠤ᠂ ᠦᠢᠯᠡᠴᠢᠯᠡᠭᠡ ᠨᠢ ᠲᠦᠷᠦᠯ ᠵᠦᠢᠯ ᠢ ᠳᠠᠭᠠᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠳᠠᠯᠢ ᠪᠤᠰᠤ ᠱᠠᠲᠤᠨ ᠤ ᠬᠡᠷᠡᠭᠴᠡᠭᠡ ᠳᠤ ᠴᠢᠭᠯᠡᠭᠦᠯᠦᠨ ᠤᠨᠢᠨ ᠳᠡᠭᠡᠷ᠎ᠡ ᠨᠢ ᠦᠢᠯᠡᠴᠢᠯᠡᠵᠦ᠂ ᠲᠦᠷᠦᠯ ᠵᠦᠢᠯ ᠢ ᠥᠨᠳᠥᠷ ᠪᠦᠲᠦᠮᠵᠢᠲᠡᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠶᠢ ᠨᠡᠶᠢᠳᠬᠡᠬᠦ ᠠᠵᠢᠯ ᠤᠨ ᠠᠬᠢᠴᠠ ᠶᠢᠨ ᠪᠠᠶᠢᠳᠠᠯ᠂ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号