ᠦᠰᠦᠭᠲᠦ ᠲᠠᠶᠢᠯᠤᠮᠵᠢ᠄ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/30
      ᠤᠳᠤᠷᠢᠳᠬᠠᠯ᠄ 2024 ᠣᠨ ᠤ 4 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠯᠢ ᠴᠢᠶᠠᠩ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      ᠨᠢᠭᠡ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ᠂ ︽ᠦᠨᠡᠨ︾ ᠰᠡᠳᠬᠦᠯ ᠤᠨ 2024 ᠣᠨ ᠤ 8 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠬᠠᠢ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ 4.0 ᠲᠥᠰᠦᠯ ᠶᠣᠰᠣᠭᠠᠷ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠨᠡᠩ ᠤᠯᠠᠨ ᠦᠢᠯᠡᠴᠢᠯᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠤᠵᠠᠭᠠᠶᠢᠷᠠᠬᠤ ᠶᠢ ᠠᠬᠢᠭᠤᠯᠬᠤ ᠰᠢᠨ᠎ᠡ ᠠᠷᠭ᠎ᠠ ᠬᠡᠮᠵᠢᠶ᠎ᠡ ᠰᠢᠨ᠎ᠡ ᠠᠷᠭ᠎ᠠ ᠶᠢ ᠬᠡᠷᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠨᠡᠩ ᠰᠢᠯᠢᠳᠡᠭ᠂ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠩ ᠬᠦᠴᠦᠷᠬᠡᠭ ᠢ ᠠᠬᠢᠭᠤᠯᠬᠤ ᠬᠡᠷᠡᠭᠲᠡᠢ᠃ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠳᠤᠮᠳᠠ ᠪᠠᠭ᠎ᠠ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ ᠦᠭᠡᠢ ᠲᠠᠩᠰᠠᠨ ᠵᠣᠭᠤᠰ ᠢ ︽ᠬᠥᠳᠡᠯᠦᠩᠭᠦᠶ ᠪᠠᠷ ᠦᠭᠡᠢ ᠪᠣᠯᠭᠠᠬᠤ︾ ᠶᠢ ᠪᠠᠲᠤᠯᠠᠵᠤ᠂ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠬᠤ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠦᠷᠢᠮ ᠲᠣᠭᠲᠠᠴᠠ ᠪᠣᠯᠤᠨ ᠪᠣᠳᠠᠲᠠᠢ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠭᠠᠷ ᠭᠦᠢᠴᠡᠳᠬᠡᠯ ᠢ ᠭᠦᠢᠴᠡᠳᠬᠡᠬᠦ᠂ ᠪᠡᠯᠡ ᠮᠥᠩᠭᠦ ᠴᠤᠭᠯᠠᠭᠤᠯᠬᠤ᠂ ᠠᠵᠢᠯᠴᠢᠨ ᠬᠡᠷᠡᠭᠯᠡᠬᠦ ᠵᠡᠷᠭᠡ ᠲᠠᠯ᠎ᠠ ᠶᠢᠨ ᠬᠦᠴᠢᠷᠳᠡᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 16 ᠤ ᠡᠳᠦᠷ ᠨᠡᠶᠢᠲᠡᠯᠡᠭᠰᠡᠨ ᠴᠢᠬᠤᠯᠠ ᠵᠣᠬᠢᠶᠠᠯ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠪᠠᠶᠢᠳᠠᠯ ᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠨᠡᠩ ᠶᠡᠭᠡ ᠡᠷᠡᠰ ᠵᠣᠷᠢᠭ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠪᠠᠷᠢᠮᠵᠢᠶ᠎ᠠ ᠪᠠᠷ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠬᠤ ᠬᠡᠷᠡᠭᠲᠡᠢ᠃      ᠬᠤᠶᠠᠷ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠦᠭᠰᠡᠨ ᠲᠤᠬᠠᠶ ᠬᠠᠷᠢᠭᠤ ᠲᠤᠰᠬᠠᠭᠰᠠᠨ ᠰᠠᠨᠠᠯ ᠢ ᠵᠠᠷᠯᠠᠨ ᠮᠡᠳᠡᠭᠳᠡᠵᠦ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠶᠢᠨᠠᠨ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠵᠥᠪᠯᠡᠯᠲᠦ ᠶᠢᠨ ᠠᠷᠪᠠ ᠠᠴᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠴᠡᠭ ᠤᠨ ᠡᠭᠦᠷᠭᠡ ᠪᠣᠯᠤᠨ ᠴᠢᠬᠤᠯᠠ ᠠᠵᠢᠯᠯᠠᠭ᠎ᠠ ᠶᠢ ᠤᠶᠠᠯᠳᠤᠭᠤᠯᠵᠤ᠂ ᠬᠠᠮᠲᠤᠪᠠᠷ ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ᠂ ᠬᠠᠮᠲᠤᠪᠠᠷ ᠬᠢᠨᠠᠨ ᠰᠢᠯᠭᠠᠬᠤ ᠬᠡᠷᠡᠭᠲᠡᠢ᠃ ᠬᠤᠶᠠᠷ ᠲᠤ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠬᠠᠤᠯᠢ ᠶᠣᠰᠣᠭᠠᠷ ᠲᠤᠭ᠎ᠠ ᠪᠦᠷᠢᠳᠬᠡᠯ ᠢ ᠵᠠᠰᠠᠬᠤ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠶᠡᠬᠡᠪᠡᠷ ᠠᠬᠢᠭᠤᠯᠵᠤ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠲᠤᠰᠬᠠᠢ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠨᠡᠮᠡᠭᠳᠡᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠭᠤᠷᠪᠠ ᠳᠤ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠪᠠᠶᠢᠩᠭᠤᠵᠢᠭᠤᠯᠤᠨ ᠰᠠᠶᠢᠲᠤᠷ ᠬᠢᠵᠦ᠂ ᠠᠵᠤ ᠠᠬᠤᠢ ᠶᠢᠨ ᠪᠦᠬᠦ ᠲᠠᠯ᠎ᠠ ᠶᠢᠨ ᠴᠢᠨᠠᠷᠲᠠᠢ ᠬᠠᠨᠳᠤᠰᠢ ᠶᠢᠨ ᠴᠢᠨᠠᠷᠲᠠᠢ ᠬᠤᠪᠢᠷᠠᠯᠲᠠ ᠶᠢ ᠰᠡᠷᠭᠡᠭ ᠢᠶᠠᠷ ᠡᠵᠡᠮᠳᠡᠵᠦ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠠ ᠵᠠᠳᠠᠯᠤᠯᠲᠠ ᠰᠤᠳᠤᠯᠤᠯᠲᠠ ᠶᠢ ᠴᠢᠩᠭᠠᠳᠬᠠᠵᠤ᠂ ᠰᠠᠷ᠎ᠠ ᠪᠠ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢ ᠰᠠᠶᠢᠲᠤᠷ ᠬᠢᠵᠦ᠂ ᠵᠠᠳᠠᠯᠤᠯᠲᠠ ᠶᠢᠨ ᠮᠡᠳᠡᠭᠦᠯᠦᠯᠲᠡ ᠶᠢᠨ ᠠᠯᠤᠰ ᠬᠡᠳᠤ ᠶᠢᠨ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠠ ᠲᠤᠰᠬᠠᠶ ᠪᠠᠶᠢᠴᠠᠭᠠᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠤᠬᠠᠶ ᠶᠢᠨ ᠲᠠᠯᠠᠪᠤᠷ ᠤᠨ ᠳᠡᠩᠰᠡᠯᠡᠯᠲᠡ ᠶᠢ ᠴᠢᠨᠠᠷ ᠰᠠᠶᠢᠲᠠᠶ ᠪᠡᠶᠡᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠬᠤ ᠪᠠ ᠦᠨᠡᠯᠡᠨ ᠵᠢᠱᠢᠬᠦ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠪᠤ ᠳᠤ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ ᠢᠳᠡᠪᠬᠢᠲᠡᠢ ᠪᠠᠷ ᠰᠢᠨ᠎ᠡ ᠶᠢ ᠡᠭᠦᠳᠴᠦ᠂ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠡᠯᠧᠺᠳ᠋ᠷᠣᠨ ᠲᠤᠭ᠎ᠠ ᠪᠦᠷᠢᠳᠬᠡᠯ ᠤᠨ ᠳᠠᠩᠰᠠ ᠶᠢᠨ ᠬᠡᠷᠡᠭᠯᠡᠯᠲᠡ ᠶᠢ ᠠᠬᠢᠭᠤᠯᠵᠤ᠂ ᠪᠡᠯᠡ ᠣᠷᠣᠭᠤᠯᠤᠯᠲᠠ ᠶᠢᠨ ᠲᠤᠬᠠᠢ ᠶᠢᠨ ᠰᠠᠷ᠎ᠠ ᠶᠢᠨ ᠲᠤᠭ᠎ᠠ ᠪᠦᠷᠢᠳᠬᠡᠯ ᠢ ᠨᠠᠶᠢᠳᠠᠪᠤᠷᠢᠵᠢᠭᠤᠯᠬᠤ ᠬᠡᠷᠡᠭᠲᠡᠢ᠃ ᠵᠢᠷᠭᠤᠭ᠎ᠠ ᠳᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠲᠦᠷᠢᠮ ᠢ ᠪᠦᠷᠢᠨᠰᠢᠬᠦᠯᠬᠦ᠂ ᠶᠠᠪᠤᠴᠠ ᠶᠢ ᠵᠢᠷᠤᠮᠵᠢᠭᠤᠯᠬᠤ᠂ ᠲᠤᠬᠠᠶᠢᠯᠠᠭᠰᠠᠨ ᠠᠵᠢᠯ ᠢ ᠯᠠᠪᠳᠠᠭᠤᠨ ᠪᠠᠲᠤᠲᠠᠢ ᠪᠣᠯᠭᠠᠬᠤ᠂ ᠮᠠᠲ᠋ᠧᠷᠢᠶᠠᠯ ᠪᠦᠷᠢᠨ ᠪᠦᠲᠦᠨ᠂ ᠨᠥᠬᠦᠴᠡᠯ ᠪᠦᠷᠢᠨ ᠲᠡᠭᠦᠯᠳᠡᠷ ᠵᠢᠷᠤᠮᠵᠢᠭᠰᠠᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃      ᠭᠤᠷᠪᠠ᠂ ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠤᠨ ᠳᠡᠪᠰᠢᠭᠦᠯᠦᠭᠰᠡᠨ ︽ᠬᠠᠶᠢᠨᠠᠨ ᠲᠣᠭᠤᠷᠢᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ ︵ᠬᠢᠨᠠᠨ ᠵᠥᠪᠯᠡᠬᠦ ᠨᠣᠤᠷᠠᠭ︶︾ ᠢ ᠬᠢᠨᠠᠨ ᠵᠥᠪᠯᠡᠵᠦ᠂ ᠬᠤᠷᠠᠯ ᠠᠴᠠ ︽ᠬᠠᠶᠢᠨᠠᠨ ᠲᠣᠭᠤᠷᠢᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠤᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠢ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠱᠢ ᠯᠢ ᠴᠢᠶᠠᠩ ᠢᠶᠠᠷ ᠳᠠᠮᠵᠢᠭᠤᠯᠤᠨ ᠲᠣᠭᠤᠷᠢᠭ ᠤᠨ ᠳᠡᠳ᠋ ᠳᠠᠷᠤᠭ᠎ᠠ ᠶᠢᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ 2024 ᠣᠨ ᠤ ᠣᠷᠣᠨ ᠤ ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠰᠠᠨᠠᠭᠤᠯᠭ᠎ᠠ ᠰᠠᠨᠠᠯ ᠵᠥᠪᠯᠡᠯᠭᠡ ᠨᠢᠭᠡᠪᠦᠷᠢ ᠶᠢ ᠨᠠᠷᠢᠨ ᠬᠢᠨᠠᠮᠠᠭᠠᠢ ᠵᠠᠳᠠᠯᠵᠤ᠂ ᠡᠷᠬᠡᠪᠰᠢ ᠵᠢᠷᠤᠮᠵᠢᠯ ᠲᠠᠢ᠂ ᠲᠦᠷᠭᠡᠨ ᠪᠥᠭᠡᠳ ᠥᠨᠳᠥᠷ ᠪᠦᠲᠦᠮᠵᠢᠲᠡᠢ᠂ ᠶᠠᠰᠤ ᠴᠢᠨᠠᠷ ᠢ ᠳᠡᠭᠡᠳᠦᠯᠡᠵᠦ᠂ ᠰᠢᠢᠳᠪᠦᠷᠢᠯᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠢᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ ᠲᠦᠷᠦᠭᠦᠯᠡᠨ ᠱᠠᠯᠠᠪᠳᠠᠭᠤᠯᠤᠨ ᠰᠢᠢᠳᠪᠦᠷᠢᠯᠡᠵᠦ᠂ ᠰᠠᠯᠠᠭ᠎ᠠ ᠮᠥᠴᠢᠷ ᠤᠨ ᠨᠢᠭᠡᠳᠦᠭᠡᠷ ᠭᠠᠷ ᠪᠦᠬᠦ ᠶᠠᠪᠤᠴᠠ ᠪᠠᠷ ᠱᠠᠯᠠᠪᠳᠠᠭᠤᠯᠤᠨ ᠰᠢᠢᠳᠪᠦᠷᠢᠯᠡᠵᠦ᠂ ᠰᠢᠢᠳᠪᠦᠷᠢᠯᠡᠬᠦ ᠠᠵᠢᠯ ᠤᠨ ᠬᠠᠷᠢᠭᠤᠯᠲᠠ ᠥᠭᠬᠦ ᠨᠤᠷᠮ᠎ᠠ᠂ ᠨᠠᠶᠢᠳᠠᠪᠤᠷᠢᠵᠢᠭᠤᠯᠬᠤ ᠨᠤᠷᠮ᠎ᠠ ᠪᠣᠯᠤᠨ ᠬᠠᠨᠤᠮᠵᠢᠲᠠᠢ ᠪᠠᠶᠢᠬᠤ ᠨᠤᠷᠮ᠎ᠠ ᠶᠢ ᠴᠥᠮ 100% ᠳᠤ ᠬᠦᠷᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠥᠷᠭᠡᠨ ᠤᠯᠠᠨ  ᠲᠦᠮᠡᠨ  ᠳᠤ  ᠬᠠᠨᠤᠮᠵᠢᠲᠠᠢ  ᠬᠠᠷᠢᠭᠤᠯᠲᠠ  ᠶᠢᠨ  ᠬᠠᠭᠤᠳᠠᠰᠤ  ᠲᠤᠰᠢᠶᠠᠬᠤ  ᠬᠡᠷᠡᠭᠲᠡᠢ᠃      ᠳᠥᠷᠪᠡ᠂ ᠬᠤᠷᠠᠯ ᠠᠴᠠ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠪᠰᠢᠭᠦᠯᠦᠭᠰᠡᠨ ︽ᠬᠠᠶᠢᠨᠠᠨ ᠲᠣᠭᠤᠷᠢᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵ᠬᠢᠨᠠᠨ ᠵᠥᠪᠯᠡᠬᠦ ᠨᠣᠤᠷᠠᠭ︶︾ ᠢ ᠬᠢᠨᠠᠨ ᠵᠥᠪᠯᠡᠵᠦ᠂ ︽ᠬᠠᠶᠢᠨᠠᠨ ᠲᠣᠭᠤᠷᠢᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠠᠭᠠᠭᠠᠯᠭᠠᠵᠤ ᠬᠤᠷᠠᠯ ᠤᠨ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠢᠤ ᠹᠠᠩ ᠲᠣᠭᠤᠷᠢᠭ ᠤᠨ ᠳᠡᠳ᠋ ᠳᠠᠷᠤᠭ᠎ᠠ ᠬᠢᠨᠠᠨ ᠬᠠᠷᠭᠤᠭᠤᠯᠵᠤ ᠬᠢᠨᠠᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ᠬᠤᠷᠠᠯ ᠠᠴᠠ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ 2023 ᠣᠨ ᠤ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠳᠡᠪᠰᠢᠭᠦᠯᠦᠭᠰᠡᠨ ︽ᠬᠠᠶᠢᠨᠠᠨ ᠲᠣᠭᠤᠷᠢᠭ ᠤᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠵᠤ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ ︵ᠬᠢᠨᠠᠨ ᠵᠥᠪᠯᠡᠬᠦ ᠨᠤᠤᠷᠠᠭ︶︾ ᠶᠢ ᠬᠢᠨᠠᠨ ᠵᠥᠪᠯᠡᠪᠡ᠃ ᠬᠤᠷᠠᠯ ᠠᠴᠠ ︽ᠬᠠᠶᠢᠨᠠᠨ ᠲᠣᠭᠤᠷᠢᠭ ᠤᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠵᠤ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ︾ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠯᠢᠦ ᠵᠢᠶᠠᠨ ᠫᠢᠩ ᠲᠣᠭᠤᠷᠢᠭ ᠤᠨ ᠳᠡᠳ᠋ ᠳᠠᠷᠤᠭ᠎ᠠ ᠬᠢᠨᠠᠨ ᠬᠠᠷᠭᠤᠭᠤᠯᠵᠤ ᠬᠢᠨᠠᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ᠲᠠᠪᠤ᠂ ᠬᠤᠷᠠᠯ ᠠᠴᠠ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯᠯᠠᠬᠤ ᠦᠢᠯᠡᠳᠦᠯ ᠢ ᠳᠣᠪᠤᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠡᠭᠦᠷᠭᠡ᠂ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠪᠴᠠᠩ ᠢ ᠰᠠᠶᠢᠲᠤᠷ ᠪᠠᠶᠢᠭᠤᠯᠵᠤ᠂ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠥᠭᠡᠷᠡᠴᠢᠯᠡᠯᠲᠡ ᠶᠢᠨ ᠠᠷᠭ᠎ᠠ ᠪᠠᠷᠢᠯ᠂ ᠠᠮᠢᠳᠤᠯᠢᠭ ᠲᠣᠭᠲᠠᠴᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠬᠤᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ BDO ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠬᠠᠷᠠᠭᠠᠯᠵᠠᠯ ᠤᠨ ᠪᠠᠲᠤᠯᠠᠭ᠎ᠠ ᠶᠢᠨ ᠲᠠᠯ᠎ᠠ ᠪᠠᠷ ᠣᠯᠠᠨ ᠲᠠᠯ᠎ᠠ ᠪᠠᠷ ᠬᠦᠴᠦᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠲᠡᠶ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号