ᠢᠦᠶ ᡁᠢ ᠶᠦᠩ ᠨᠡᠭᠦᠷᠡᠰᠦᠨ ᠤ ᠠᠵᠢᠯ ᠲᠥᠷᠥᠯ ᠤᠨ ᠠᠵᠤ ᠠᠬᠤᠶ ᠶᠢᠨ ᠠᠵᠢᠯᠯᠠᠭᠠᠨ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠵᠢᠯ ᠢ ᠳᠠᠭᠠᠭᠠᠴᠢᠯᠠᠭᠰᠠᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠢ ᠪᠠᠶᠢᠴᠠᠭᠠᠪᠠ
ᠨᠡᠶᠢᠲᠡᠯᠡᠭᠰᠡᠨ ᠴᠠᠭ᠄
2024/5/31
      5 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠨᠡᠭᠦᠷᠡᠰᠦᠨ ᠤ ᠠᠵᠢᠯ ᠲᠥᠷᠥᠯ ᠤᠨ ᠠᠵᠤ ᠠᠬᠤᠶ ᠶᠢᠨ ᠠᠵᠢᠯᠯᠠᠭᠠᠨ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠠᠲᠤᠯᠠᠭ᠎ᠠ ᠶᠢ ᠳᠠᠭᠠᠭᠠᠴᠢᠯᠠᠭᠰᠠᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠢ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ᠂ ᠸᠠᠩ ᠬᠤᠩ ᠼᠦᠨ ᠣᠷᠣᠯᠴᠠᠪᠠ᠃
8.jpg
      ᠥᠪᠥᠷ ᠮᠣᠩᠭᠤᠯ ᠤᠨ ᠸᠧᠢ ᠸᠧᠢ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠢ ᠬᠤᠳᠠ ᠶᠢᠨ ᠵᠦᠩ ᠺᠧ ᠪᠦᠦ ᠴᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠢᠦᠢ ᠯᠦᠩ ᠯᠢ ᠱᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠸᠠᠩ ᠶᠤᠸᠠᠨ ᠪᠦᠯᠦᠭᠯᠡᠯ ᠤᠨ ᠪᠦᠦ ᠴᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠭᠤᠸᠠᠩ ᠶᠤᠸᠠᠨ ᠨᠡᠭᠦᠷᠡᠰᠦ ᠤᠬᠢᠶᠠᠬᠤ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠦᠢ ᡁᠢ ᠶᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠯᠠᠪᠯᠠᠨ ᠠᠰᠠᠭᠤᠵᠤ᠂ ᠲᠤᠬᠠᠢ ᠶᠢᠨ ᠲᠠᠯᠠᠪᠠᠢ ᠳᠤ ᠵᠢᠯᠣᠭᠤᠳᠬᠤ ᠰᠠᠨᠠᠯ ᠳᠤᠷᠠᠳᠪᠠ᠃ ᠲᠡᠷᠡ᠂ ᠨᠡᠭᠦᠷᠡᠰᠦᠨ ᠤ ᠠᠵᠤ ᠦᠢᠯᠡᠰ ᠪᠣᠯ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢ ᠠᠵᠤ ᠦᠢᠯᠡᠰ ᠪᠣᠯᠤᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠪᠠ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠴᠢᠨᠠᠭᠰᠢᠳᠠ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠤᠨ ᠬᠢᠨ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠭᠡᠮ ᠰᠣᠭᠤᠭ ᠢ ᠠᠳᠡᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠦᠨᠡᠨᠬᠦ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃      ᠢᠦᠶ ᡁᠢ ᠶᠦᠩ ᠪᠠᠰᠠ ᠳᠠᠭᠠᠭᠠᠴᠢᠯᠠᠨ ᠬᠠᠷᠢᠭᠤᠴᠠᠭᠰᠠᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠢ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠢᠳᠡᠭᠡᠨ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ ᠵᠡᠷᠭᠡ ᠪᠥᠬᠦ ᠶᠠᠪᠤᠴᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠠᠵᠢᠯᠲᠠᠨ ᠠᠵᠢᠯᠴᠢᠨ ᠳᠤ ᠠᠷᠢᠭᠤᠨ ᠴᠡᠪᠡᠷ᠂ ᠡᠷᠡᠭᠦᠯ ᠬᠠᠮᠠᠭᠠᠯᠠᠯ ᠤᠨ ᠴᠢᠨᠠᠷ ᠰᠠᠶᠢᠲᠠᠶ ᠢᠳᠡᠭᠡᠨ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号