ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠲᠥᠯᠥᠭᠡᠯᠡᠭᠴᠢᠳ ᠤᠨ ᠪᠦᠯᠬᠦᠮ ᠤᠨ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/31
      ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠣᠶᠢᠷ᠎ᠠ ᠳᠤ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠲᠥᠯᠥᠭᠡᠯᠡᠭᠴᠢᠳ ᠤᠨ ᠪᠦᠯᠬᠦᠮ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠣᠨ ᠤ ᠲᠡᠰ ᠤᠨ 6 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ ᠬᠤᠷᠠᠯ ᠠᠴᠠ  ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︿ᠠᠷᠠᠳ ᠤᠨ ᠰᠠᠨᠠᠭ᠎ᠠ ᠶᠢ ᠰᠢᠭᠤᠳ ᠲᠡᠷᠭᠡ﹀ ᠶᠢᠨ ᠠᠵᠢᠯᠯᠠᠭ᠎ᠠ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾᠂ ︽ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠠᠷᠭ᠎ᠠ︾ ᠪᠣᠯᠤᠨ ︽ᠦᠨᠡᠨ︾ ᠰᠡᠳᠬᠦᠯ ᠤᠨ 2024 ᠣᠨ ᠤ 4 ᠳ᠋ᠤᠭᠡᠷ ᠬᠤᠭᠤᠴᠠᠭᠠᠨ ᠤ 4 ᠳ᠋ᠤᠭᠡᠷ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ ᠠᠷᠠᠳ ᠲᠦᠮᠡᠨ ᠤ ᠭᠡᠷ ᠢᠶᠠᠨ ᠳᠠᠭᠠᠭᠠᠵᠤ ᠡᠵᠡᠨ ᠮᠡᠳᠡᠬᠦ ᠶᠢ ᠪᠠᠲᠤᠯᠠᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠪᠠᠷᠠᠭᠤᠨ ᠣᠷᠠᠨᠳᠦ᠋ᠰᠢ  ᠤ ᠬᠠᠷᠢᠶ᠎ᠠ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠢᠶᠠᠷ ᠰᠢᠢᠳᠪᠦᠷᠢ ᠭᠠᠷᠭᠠᠵᠤ᠂ ᠬᠡᠰᠡᠭ ᠲᠥᠯᠥᠭᠡᠯᠡᠭᠴᠢ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠦᠨᠡᠯᠡᠬᠦ ᠬᠤᠪᠢ ᠬᠤᠷᠠᠮᠳᠤᠭᠤᠯᠬᠤ ᠲᠣᠭᠲᠠᠴᠠ ᠶᠢᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠦᠨᠡᠨ ᠠᠴᠠ ᠵᠥᠪ ᠢ ᠡᠷᠢᠬᠦ᠂ ᠪᠤᠰᠤᠳᠴᠢ ᠲᠥᠪ ᠭᠤᠣᠯᠴᠢ᠂ ᠢᠯᠡ ᠲᠣᠳᠣ ᠵᠠᠷᠴᠢᠮ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠪᠢ ᠬᠤᠷᠠᠮᠳᠤᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠲᠥᠯᠥᠭᠡᠯᠡᠭᠴᠢᠳ ᠲᠥᠯᠥᠭᠡᠯᠡᠭᠴᠢ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠲᠥᠯᠥᠭᠡᠯᠡᠭᠴᠢ ᠶᠢᠨ ᠡᠭᠦᠷᠭᠡ ᠪᠠᠨ ᠭᠦᠢᠴᠡᠳᠬᠡᠵᠦ᠂ ᠲᠥᠯᠥᠭᠡᠯᠡᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠷᠠᠳ ᠲᠦᠮᠡᠨ ᠤ ᠢᠯᠡᠳᠬᠡᠭᠰᠡᠨ ᠬᠦᠰᠡᠯ ᠰᠠᠨᠠᠭ᠎ᠠ᠂ ᠡᠭᠦᠳᠦᠨ ᠪᠦᠲᠦᠭᠡᠭᠰᠡᠨ ᠲᠤᠷᠰᠢᠯᠭ᠎ᠠ᠂ ᠡᠵᠡᠮᠰᠢᠵᠦ ᠪᠠᠶᠢᠭ᠎ᠠ ᠡᠷᠬᠡ᠂ ᠪᠠᠳᠠᠷᠠᠭᠤᠯᠵᠤ ᠪᠠᠶᠢᠭ᠎ᠠ ᠦᠢᠯᠡᠳᠦᠯ ᠢ ᠭᠦᠢᠴᠡᠳ ᠬᠦᠨᠳᠦᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠪᠠᠶᠢᠳᠠᠯ ᠢ ᠰᠤᠷᠪᠤᠯᠵᠢᠯᠠᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠠᠷᠠᠳ ᠤᠨ ᠰᠠᠨᠠᠭ᠎ᠠ ᠶᠢ ᠰᠢᠭᠤᠳ ᠨᠡᠪᠲᠡᠷᠡᠭᠦᠯᠬᠦ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠥᠯᠥᠭᠡᠯᠡᠭᠴᠢᠳ ᠤᠨ ᠤᠯᠠᠨ ᠲᠦᠮᠡᠨ ᠲᠠᠢ ᠬᠠᠷᠢᠯᠴᠠᠬᠤ ᠠᠷᠭ᠎ᠠ ᠵᠠᠮ ᠲᠠᠢ᠂ ᠤᠯᠠᠨ ᠲᠦᠮᠡᠨ ᠳᠤ ᠦᠢᠯᠡᠴᠢᠯᠡᠬᠦ ᠠᠷᠭ᠎ᠠ ᠵᠠᠮ ᠲᠠᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠪᠡᠶᠡᠯᠡᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠡᠷᠡ ᠳᠠᠷᠤᠢ ᠳᠤᠨᠢ ᠡᠵᠡᠮᠰᠢᠵᠦ᠂ ᠤᠯᠠᠨ ᠲᠦᠮᠡᠨ ᠲᠠᠢ ᠬᠠᠷᠢᠯᠴᠠᠬᠤ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠬᠦ ᠬᠡᠷᠡᠭᠲᠡᠢ ᠭᠡᠵᠡᠢ᠃
9.jpg
      ᠳᠠᠷᠠᠭᠠᠴᠢ ᠶᠢᠨ ᠠᠯᠬᠤᠮ ᠳᠤ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠷᠠᠳ ᠤᠨ ᠰᠠᠨᠠᠭ᠎ᠠ ᠶᠢ ᠰᠢᠩᠭᠡᠭᠡᠨ ᠠᠪᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠬᠦᠯᠵᠦ᠂ ᠠᠵᠢᠯ ᠤᠨ ᠲᠥᠯᠥᠪᠵᠢᠭᠦᠯᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠯᠥᠭᠡᠯᠡᠭᠴᠢᠳ ᠤᠨ ᠠᠵᠢᠯ ᠲᠦᠷᠦᠯ ᠤᠨ ᠣᠨᠴᠠᠯᠢᠭ ᠢ ᠢᠳᠡᠪᠬᠢᠲᠡᠢ ᠪᠠᠳᠠᠷᠠᠭᠤᠯᠵᠤ᠂ ᠪᠠᠶᠠᠯᠢᠭ ᠤᠯᠠᠨ ᠶᠠᠩᠵᠤ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠯᠥᠭᠡᠯᠡᠭᠴᠢᠳ ᠤᠨ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠬᠤ ᠪᠣᠯᠤᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号