ᠥᠪᠡᠷᠲᠡᠭᠡᠨ ᠵᠠᠰᠠᠬᠤ ᠣᠷᠣᠨ ᠪᠠ ᠦᠬᠠᠶ ᠬᠤᠲᠠ ᠶᠢᠨ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ | ᠰᠢᠯᠢᠳᠡᠭᠵᠢᠭᠦᠯᠬᠦ ᠠᠵᠢᠯ ᠤᠨ ᠴᠤᠪᠤᠷᠠᠯ︾ ᠤᠨ ᠶᠡᠭᠡ ᠲᠠᠯ᠎ᠠ ᠳᠤ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ | ᠭᠦᠨᠵᠡᠭᠡᠶ ᠲᠤᠤᠱᠯᠠᠭᠤᠯᠵᠤ᠂ ᠬᠠᠶᠢᠨᠠᠨ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠶᠢᠨ ᠲᠤᠰᠠᠳᠠ᠂ ᠬᠠᠶᠢᠨᠠᠨ ᠲᠣᠭᠤᠷᠢᠭ ᠤᠨ ᠬᠢᠨ ︽ᠬᠤᠶᠠᠷ ᠰᠢᠯᠢᠳᠡᠭ︾ ᠤᠨ ᠲᠤᠰᠬᠠᠶ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ︽ᠬᠤᠶᠠᠷ ᠰᠢᠯᠢᠳᠡᠭ︾ | ᠤᠨ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠢᠳᠡᠪᠬᠢᠲᠡᠶ ᠪᠠᠷ ᠵᠣᠬᠢᠴᠠᠭᠤᠯᠤᠨ ᠠᠬᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ᠂ ᠪᠠᠶᠢᠭᠤᠯᠭ᠎ᠠ ᠶᠢᠨ ᠦᠢᠯᠡᠳᠦᠯ ᠴᠢᠳᠠᠪᠤᠷᠢ ᠪᠠ ᠠᠷᠠᠳ | ᠣᠯᠠᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ᠃ | ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠵᠠᠰᠠᠭ ᠤᠨ ᠣᠷᠳᠣᠨ ᠤ 23 ᠪᠦᠷᠢᠯᠳᠦᠬᠦᠨ ᠰᠠᠯᠠᠭ᠎ᠠ | ᠮᠥᠴᠢᠷ ᠲᠤ ᠬᠤᠯᠪᠣᠭᠳᠠᠵᠤ᠂ ᠪᠥᠬᠦ ᠶᠠᠪᠤᠴᠠ ᠳᠤ ᠥᠪᠡᠷ ᠤᠨ ᠪᠠᠶᠢᠴᠠᠭᠠᠯᠲᠠ᠂ ᠠᠷᠭ᠎ᠠ ᠬᠡᠮᠵᠢᠶ᠎ᠡ ᠵᠢᠴᠢ ᠴᠡᠭᠴᠡᠯᠡᠨ | ᠰᠠᠶᠢᠵᠢᠷᠠᠭᠤᠯᠬᠤ᠂ ᠦᠷ᠎ᠡ ᠪᠦᠲᠦᠭᠡᠯ 3 ᠱᠠᠲᠤ ᠦᠶ᠎ᠡ ᠪᠣᠯᠤᠭᠰᠠᠨ ᠪᠥᠭᠡᠳ ︽ᠬᠠᠶᠢᠨᠠᠨ ᠲᠣᠭᠤᠷᠢᠭ ᠤᠨ ᠰᠢᠭᠤᠳ | ᠬᠠᠷᠢᠶ᠎ᠠ ᠰᠠᠯᠠᠭ᠎ᠠ ᠮᠥᠴᠢᠷ ᠤᠨ ᠬᠤᠲᠠ ᠶᠢᠨ ᠱᠠᠲᠤᠨ ᠤ ᠳᠣᠷᠣᠭᠰᠢ ᠪᠠᠭᠤᠯᠭᠠᠭᠰᠠᠨ ᠵᠦᠢᠯᠡᠰ ᠤᠨ ᠨᠠᠷᠢᠨ ᠲᠠᠩᠰᠠ︾ | ︽ᠬᠠᠶᠢᠨᠠᠨ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠪᠠᠨ ᠰᠢᠯᠢᠳᠡᠭᠵᠢᠭᠦᠯᠬᠦ ᠠᠵᠢᠯ ᠤᠨ ᠶᠠᠪᠤᠴᠠ ᠶᠢᠨ ᠨᠠᠷᠢᠨ ᠲᠠᠩᠰᠠ ︵ᠳᠣᠷᠣᠭᠰᠢ ᠪᠠᠭᠤᠯᠭᠠᠭᠰᠠᠨ | ᠭᠠᠳᠠᠨᠠᠬᠢ ᠵᠦᠢᠯᠡᠰ︶︾ ︽ᠬᠠᠶᠢᠨᠠᠨ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠠᠳᠠᠨᠠᠬᠢ | ᠵᠦᠢᠯᠡᠰ ᠤᠨ ︿ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ︾ | ᠨᠠᠷᠢᠨ ᠲᠠᠩᠰᠠ︾ ᠶᠢ ᠡᠮᠬᠢᠯᠡᠨ ᠪᠣᠶ ᠪᠣᠯᠭᠠᠪᠠ᠃ | ᠬᠠᠶᠢᠨᠠᠨ ᠲᠣᠭᠤᠷᠢᠭ ᠤᠨ ︽ᠬᠤᠶᠠᠷ ᠰᠢᠯᠢᠳᠡᠭ︾ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ | ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠤᠲᠠ ᠶᠢᠨ ᠱᠠᠲᠤᠨ ᠤ | ᠡᠯ᠎ᠡ ᠰᠠᠯᠠᠭ᠎ᠠ ᠮᠥᠴᠢᠷ ᠤᠨ ᠳᠣᠷᠣᠭᠰᠢ ᠪᠠᠭᠤᠯᠭᠠᠭᠰᠠᠨ ᠵᠦᠶ᠋ᠯᠡᠰ ᠤᠨ ᠨᠠᠷᠢᠨ ᠬᠠᠭᠤᠳᠠᠰᠤ ᠶᠢ ᠴᠠᠭ ᠲᠤᠬᠠᠶ ᠳᠤᠨᠢ | ᠡᠵᠡᠮᠰᠢᠵᠦ᠂ ᠨᠢᠭᠡᠳ ᠨᠢᠭᠡ ᠪᠠᠷ ᠬᠠᠷᠭᠤᠭᠤᠯᠵᠤ᠂ ᠵᠦᠶ᠋ᠯ ᠳᠠᠷᠠᠭᠠᠯᠠᠨ ᠡᠮᠬᠢᠯᠡᠵᠦ᠂ ᠦᠶ᠋ᠯᠡᠴᠢᠯᠡᠭᠡᠨ ᠤ ᠵᠦᠶ᠋ᠯᠡᠰ ᠢ | ᠵᠠᠪᠰᠠᠷ ᠥᠬᠡᠶ ᠵᠣᠯᠭᠠᠭᠤᠯᠬᠤ ᠶᠢ ᠦᠨᠡᠨᠬᠦ ᠪᠠᠲᠤᠯᠠᠪᠠ᠃ ᠣᠲᠣ ᠪᠣᠯᠲᠠᠯ᠎ᠠ᠂ ᠨᠡᠶᠢᠲᠡ 7 ᠰᠠᠯᠠᠭ᠎ᠠ ᠮᠥᠴᠢᠷ ᠳᠡᠭᠡᠳᠦ | ᠱᠠᠲᠤᠨ ᠤ 28 ᠵᠦᠶ᠋ᠯᠡᠰ ᠢ ᠵᠠᠯᠭᠠᠨ ᠠᠪᠴᠠᠢ᠃ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ | ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ | ᠲᠣᠭᠤᠷᠢᠭ︶ ᠵᠢᠴᠢ ᠡᠯ᠎ᠡ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠵᠡᠷᠭᠡ ᠦᠨᠳᠦᠰᠦᠨ ᠱᠠᠲᠤᠨ ᠤ | ᠦᠢᠯᠡᠴᠢᠯᠡᠭᠡᠨ ᠤ ᠴᠡᠭ ᠢ ᠠᠰᠢᠭᠯᠠᠨ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ 6 ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠳᠣᠷᠣᠭᠰᠢ ᠪᠠᠭᠤᠯᠭᠠᠭᠰᠠᠨ ᠪᠥᠭᠡᠳ ᠬᠠᠤᠯᠢ | ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠪᠠᠷ ᠳᠡᠮᠵᠢᠨ᠂ ᠣᠯᠠᠨ | ᠲᠦᠮᠡᠨ ᠤ ᠬᠡᠷᠡᠭᠴᠡᠭᠡ᠂ ᠬᠦᠰᠡᠯ᠂ ᠪᠤᠳᠤᠵᠤ ᠪᠠᠶᠢᠭ᠎ᠠ ᠵᠦᠢᠯᠡᠰ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠣᠯᠠᠨ | ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠦᠨᠡᠨ ᠬᠦ ᠰᠠᠭᠠᠳ ᠥᠬᠡᠶ ᠨᠡᠪᠲᠡᠷᠡᠭᠦᠯᠪᠡ᠃ | ᠬᠠᠶᠢᠨᠠᠨ ᠲᠣᠭᠤᠷᠢᠭ ᠤᠨ ︽ᠬᠤᠶᠠᠷ ᠰᠢᠯᠢᠳᠡᠭ︾ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠨᠢ | 2022 ᠣᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠪᠥᠬᠦ ᠬᠤᠲᠠ ᠳᠤ ᠨᠡᠶᠢᠳᠡᠮ | ᠭᠦᠢᠴᠡᠳᠭᠡᠬᠦ︾ ᠵᠦᠢᠯᠡᠰ ᠢ ᠡᠮᠬᠢᠯᠡᠨ ᠰᠢᠯᠢᠳᠡᠭᠵᠢᠭᠦᠯᠬᠦ ᠪᠠᠷ ᠰᠠᠭᠤᠷᠢ ᠪᠣᠯᠭᠠᠵᠤ᠂ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠠᠵᠢᠯ ᠶᠠᠪᠤᠳᠠᠯ ᠭᠦᠢᠴᠡᠳᠭᠡᠬᠦ | ᠮᠠᠲ᠋ᠧᠷᠢᠶᠠᠯ ᠢ ᠴᠣᠮᠬᠠᠳᠬᠠᠬᠤ᠂ ᠠᠵᠢᠯ ᠶᠠᠪᠤᠳᠠᠯ ᠭᠦᠢᠴᠡᠳᠭᠡᠬᠦ ᠲᠠᠰ ᠳᠠᠷᠠᠭᠠᠯᠠᠯ ᠢ ᠳᠥᠭᠦᠮᠴᠢᠯᠡᠬᠦ᠂ ᠭᠦᠢᠴᠡᠳᠭᠡᠬᠦ | ᠴᠠᠭ ᠤᠨ ᠬᠢᠵᠠᠭᠠᠷ ᠢ ᠪᠣᠭᠤᠨᠢᠰᠬᠠᠬᠤ ᠵᠡᠷᠭᠡ ᠭᠤᠷᠪᠠᠨ ᠲᠠᠯ᠎ᠠ ᠠᠴᠠ ᠵᠡᠷᠭᠡ ᠪᠠᠷ ᠬᠦᠴᠦᠯᠡᠵᠦ᠂ ᠮᠠᠨ ᠤ | ᠲᠣᠭᠤᠷᠢᠭ ᠤᠨ ᠲᠤᠰᠬᠠᠶ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠲᠣᠰ | ᠤᠳᠠᠭᠠᠨ ᠤ ︽ᠬᠤᠶᠠᠷ ᠰᠢᠯᠢᠳᠡᠭ︾ ᠠᠵᠢᠯ ᠳᠤ ᠮᠠᠨ ᠤ ᠣᠷᠣᠨ ᠤ ᠨᠡᠶᠢᠲᠡ 4 ᠰᠠᠯᠠᠭ᠎ᠠ ᠮᠥᠴᠢᠷ 18 ᠤᠴᠢᠷ | ᠶᠠᠪᠤᠳᠠᠯ ᠢ ᠳᠠᠬᠢᠨ ᠴᠣᠮᠬᠠᠳᠬᠠᠵᠤ᠂ ᠳᠠᠬᠢᠨ ᠰᠢᠯᠢᠳᠡᠭᠵᠢᠭᠦᠯᠦᠨ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠶᠢ | ᠨᠡᠶᠢᠲᠡ 4 ᠴᠣᠮᠬᠠᠳᠬᠠᠪᠠ︔ ᠤᠴᠢᠷ ᠶᠠᠪᠤᠳᠠᠯ ᠤᠨ ᠮᠠᠲ᠋ᠧᠷᠢᠶᠠᠯ ᠤᠨ ᠶᠡᠷᠦᠩᠬᠡᠶ ᠬᠤᠪᠢ ᠶᠢᠨ ᠲᠤᠭ᠎ᠠ ᠶᠢ | ᠰᠢᠯᠢᠳᠡᠭᠵᠢᠭᠦᠯᠬᠦ ᠠᠴᠠ ᠡᠮᠦᠨ᠎ᠡ 42 ᠬᠤᠪᠢ ᠪᠠᠶᠢᠭᠰᠠᠨ ᠠᠴᠠ 24 ᠬᠤᠪᠢ ᠪᠣᠯᠭᠠᠨ ᠴᠣᠮᠬᠠᠳᠬᠠᠵᠤ᠂ ᠨᠠᠷᠢᠨ | ᠴᠣᠮᠬᠠᠳᠬᠠᠭᠰᠠᠨ ᠨᠣᠷᠮ᠎ᠠ ᠨᠢ 42.9% ᠳᠤ ᠬᠥᠷᠪᠡ︔ ᠤᠴᠢᠷ ᠶᠠᠪᠤᠳᠠᠯ ᠢ ᠰᠢᠢᠳᠪᠦᠷᠢᠯᠡᠬᠦ ᠶᠡᠷᠦᠩᠬᠡᠶ ᠴᠠᠭ ᠤᠨ | ᠬᠢᠵᠠᠭᠠᠷ ᠢ ᠰᠢᠯᠢᠳᠡᠭᠵᠢᠭᠦᠯᠬᠦ ᠠᠴᠠ ᠡᠮᠦᠨᠡᠬᠢ 239 ᠠᠵᠢᠯ ᠤᠨ ᠡᠳᠦᠷ ᠪᠠᠶᠢᠭᠰᠠᠨ ᠠᠴᠠ 128 ᠠᠵᠢᠯᠯᠠᠬᠤ ᠡᠳᠦᠷ | ᠪᠣᠯᠭᠠᠨ ᠪᠠᠭᠠᠰᠬᠠᠵᠤ᠂ ᠴᠠᠭ ᠤᠨ ᠬᠢᠵᠠᠭᠠᠷ ᠢ ᠪᠣᠭᠤᠨᠢᠰᠬᠠᠭᠰᠠᠨ ᠬᠠᠷᠢᠴᠠᠯ ᠤᠨ ᠨᠣᠷᠮ᠎ᠠ 46.4% ᠳᠤ ᠬᠥᠷᠪᠡ᠃ | ᠲᠠᠷᠠᠭᠠᠴᠢ ᠶᠢᠨ ᠠᠯᠬᠤᠮ ᠳᠤ᠂ ᠬᠠᠶᠢᠨᠠᠨ ᠲᠣᠭᠤᠷᠢᠭ ︽ᠬᠤᠶᠠᠷ ᠰᠢᠯᠢᠳᠡᠭ︾ ᠤᠨ ᠲᠤᠰᠬᠠᠶ | ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ | ᠤᠯᠠᠮ ᠨᠢᠭᠡ ᠠᠯᠬᠤᠮ ᠴᠢᠯᠥᠭᠡᠯᠡᠨ᠂ ᠴᠤᠪᠤᠷᠠᠯ ᠢᠶᠠᠨ ᠰᠢᠯᠢᠳᠡᠭᠵᠢᠭᠦᠯᠵᠦ᠂ ︽ᠬᠤᠶᠠᠷ ᠰᠢᠯᠢᠳᠡᠭ︾ ᠤᠨ ᠠᠵᠢᠯ ᠤᠨ | ᠦᠷ᠎ᠡ ᠪᠦᠲᠦᠮᠵᠢ ᠶᠢ ᠭᠦᠨᠵᠡᠭᠡᠶ ᠪᠣᠯᠪᠠᠰᠤᠷᠠᠭᠤᠯᠤᠨ᠂ ᠦᠷ᠎ᠡ ᠪᠦᠲᠦᠭᠡᠯ ᠢ ᠢᠯᠡ ᠪᠣᠯᠭᠠᠬᠤ ᠠᠵᠢᠯ ᠢ ᠰᠠᠶᠢᠲᠤᠷ | ᠬᠢᠵᠦ᠂ ︽ᠬᠤᠶᠠᠷ ᠰᠢᠯᠢᠳᠡᠭ︾ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ | ︽ᠬᠤᠶᠠᠷ ᠰᠢᠯᠢᠳᠡᠭ︾ ᠤᠨ ᠠᠵᠢᠯᠯᠠᠭ᠎ᠠ ᠶᠢᠨ ︽ᠬᠠᠰᠤᠬᠤ ᠠᠷᠭ᠎ᠠ︾ ᠶᠢ ᠬᠡᠷᠡᠭᠯᠡᠵᠦ᠂ ᠠᠷᠠᠳ ᠲᠤ ᠲᠥᠬᠦᠮ | ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ︽ᠨᠡᠮᠡᠬᠦ ᠠᠷᠭ᠎ᠠ︾ ᠶᠢ ᠬᠡᠷᠡᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠠᠩ ᠰᠢᠯᠢᠳᠡᠭ ᠣᠷᠴᠢᠨ ᠲᠣᠭᠤᠷᠢᠨ ᠢ ᠦᠷᠭᠦᠯᠵᠢᠯᠡᠨ ᠪᠣᠶ ᠪᠣᠯᠭᠠᠵᠤ᠂ ᠪᠥᠬᠦ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ | ᠬᠦᠴᠦᠲᠡᠶ ᠲᠤᠯᠭᠠᠭᠤᠷᠢᠯᠠᠯ ᠬᠠᠩᠭᠠᠨ᠎ᠠ᠃ |