ᠰᠢᠦ ᠹᠠᠩ
ᠨᠡᠶᠢᠲᠡᠯᠡᠭᠰᠡᠨ ᠴᠠᠭ᠄
2024/5/9
     ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ      ᠤᠳᠤᠷᠢᠳᠤᠯᠭ᠎ᠠ ᠶᠢᠨ ᠲᠤᠪᠴᠢ ᠲᠠᠨᠢᠯᠴᠠᠭᠤᠯᠭ᠎ᠠ᠄ ᠰᠢᠦ ᠹᠠᠩ᠂ ᠡᠮᠡᠭᠲᠡᠢ᠂ ᠮᠣᠩᠭᠤᠯ ᠦᠨᠳᠦᠰᠦᠲᠡᠨ᠂ 1982 ᠣᠨ ᠤ 11 ᠳ᠋ᠣᠭᠡᠷ ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2000 ᠣᠨ ᠤ 12 ᠳ᠋ᠣᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2003 ᠣᠨ ᠤ 8 ᠳ᠋ᠤᠭᠠᠷ ᠰᠠᠷ᠎ᠠ ᠳᠤ ᠠᠵᠢᠯ ᠳᠤ ᠣᠷᠣᠪᠠ᠃      ᠠᠵᠢᠯ ᠤᠨ ᠡᠭᠦᠷᠭᠡ ᠬᠠᠷᠢᠭᠤᠴᠠᠯᠭ᠎ᠠ᠄ ᠲᠤᠭᠤᠷᠢᠭ ᠤᠨ ᠳᠠᠷᠤᠭ᠎ᠠ ᠶᠢᠨ ᠠᠵᠢᠯ ᠢ ᠬᠠᠪᠰᠣᠷᠴᠤ ᠰᠣᠷᠭᠠᠨ ᠬᠦᠮᠦᠵᠢᠯ᠂ ᠦᠨᠳᠦᠰᠦᠲᠡᠨ ᠤ ᠬᠡᠷᠡᠭ ᠶᠠᠪᠤᠳᠠᠯ᠂ ᠰᠣᠶᠤᠯ ᠵᠢᠭᠤᠯᠴᠢᠯᠠᠯ ᠪᠡᠶ᠎ᠡ ᠲᠠᠮᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠢᠯᠡ ᠵᠠᠰᠠᠭ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠰᠣᠷᠭᠠᠨ ᠬᠦᠮᠦᠵᠢᠯ ᠤᠨ ᠲᠤᠪᠴᠢᠶ᠎ᠠ᠂ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︵ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ︶᠂ ᠰᠣᠶᠤᠯ ᠵᠢᠭᠤᠯᠴᠢᠯᠠᠯ ᠪᠡᠶ᠎ᠡ ᠲᠠᠮᠢᠷ ᠤᠨ ᠲᠤᠪᠴᠢᠶ᠎ᠠ ︵ᠲᠡᠤᠬᠡ ᠶᠢᠨ ᠳᠣᠷᠠᠰᠬᠠᠯᠲᠤ ᠵᠦᠢᠯᠡᠰ ᠤᠨ ᠲᠤᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠪᠴᠢᠶ᠎ᠠ︶  ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠲᠤᠪᠴᠢᠶ᠎ᠠ᠂  ᠲᠤᠭᠤᠷᠢᠭ ᠤᠨ ᠰᠣᠷᠭᠠᠨ ᠬᠦᠮᠦᠵᠢᠯ ᠤᠨ ᠬᠢᠨᠠᠨ ᠵᠢᠯᠤᠭᠤᠳᠴᠦ ᠦᠨᠡᠯᠡᠨ ᠵᠢᠱᠢᠬᠦ ᠦᠢᠯᠡᠴᠢᠯᠡᠭᠡᠨ ᠤ ᠲᠦᠪ ᠢ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠣᠭᠤᠷᠢᠭ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠦᠬᠠᠶ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ ᠲᠠᠢ ᠬᠠᠷᠢᠯᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号