ᠪᠠᠢ ᠴᠦᠨ ᠯᠸᠢ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/11
      6 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
12.jpg
      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠾᠧ ᠯᠢ ᠬᠢᠮᠢ ᠶᠢᠨ ᠰᠢᠷᠬᠡᠭᠯᠢᠭ ᠤᠨ ᠵᠢᠯ ᠤᠨ ᠭᠠᠷᠤᠯᠲᠠ 20 ᠲᠦᠮᠡᠨ ᠲᠣᠨ PAN ᠵᠢᠢ ᠶᠤᠸᠠᠨ ᠰᠢᠷᠬᠡᠭᠯᠢᠭ ᠪᠠ 10 ᠲᠦᠮᠡᠨ ᠲᠣᠨ PAN ᠰᠠᠭᠤᠷᠢ ᠳᠡᠭᠡᠳᠦ ᠲᠠᠰ ᠤᠨ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠲᠥᠷᠥᠯ ᠵᠦᠢᠯ᠂ ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠭᠰᠡᠨ ᠣᠷᠣᠨ ᠤ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠪᠣᠯᠤᠨ ᠪᠠᠷᠢᠯᠭ᠎ᠠ ᠶᠢᠨ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠴᠠᠭ ᠮᠥᠴᠡ ᠶᠢ ᠠᠮᠵᠢᠵᠤ᠂ ᠶᠡᠭᠡ ᠪᠠᠷ ᠠᠵᠢᠯᠯᠠᠵᠤ ᠲᠦᠷᠭᠡᠨ ᠬᠥᠭᠵᠢᠭᠦᠯᠵᠦ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠨᠠᠷᠢᠯᠢᠭ ᠣᠨᠣᠴᠠᠲᠠᠶ ᠪᠠᠷ ᠵᠣᠯᠭᠠᠭᠤᠯᠬᠤ᠂ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠤᠷᠠᠳᠤᠭᠰᠠᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠴᠠᠭ ᠲᠤᠬᠠᠶ ᠳᠤᠨᠢ ᠨᠡᠪᠲᠡᠷᠡᠯᠴᠡᠨ ᠵᠣᠬᠢᠴᠠᠭᠤᠯᠵᠤ᠂ ᠰᠢᠢᠳᠪᠦᠷᠢᠯᠡᠬᠦ ᠠᠷᠭ᠎ᠠ ᠶᠢ ᠰᠤᠳᠤᠯᠤᠨ ᠰᠤᠳᠤᠯᠵᠤ᠂ ᠠᠵᠢᠯ ᠢᠶᠠᠨ ᠦᠨᠡᠨ ᠬᠦ ᠤᠷᠤᠭᠰᠢ ᠬᠢᠵᠦ᠂ ᠠᠬᠢᠴᠠ ᠪᠠᠨ ᠤᠷᠤᠭᠰᠢ ᠠᠬᠢᠭᠤᠯᠤᠨ᠂ ᠲᠥᠷᠥᠯ ᠵᠦᠢᠯ ᠢ ᠡᠷᠲᠡᠬᠡᠨ ᠪᠠᠶᠢᠭᠤᠯᠤᠨ ᠪᠦᠲᠦᠭᠡᠵᠦ᠂ ᠡᠷᠲᠡᠬᠡᠨ ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠬᠠᠶᠢᠨᠠᠨ ᠤ ᠠᠵᠤ ᠦᠢᠯᠡᠰ ᠤᠨ ᠬᠦᠷᠢᠶᠡᠯᠡᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠣᠶᠤᠨᠴᠢᠯᠠᠨ ᠬᠠᠮᠢᠶᠠᠷᠤᠨ ᠡᠵᠡᠮᠳᠡᠬᠦ ᠲᠠᠪᠴᠠᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠴᠢᠳᠠᠯ ᠣᠯᠭᠤᠵᠤ᠂ ᠬᠦᠷᠢᠶᠡᠯᠡᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠠᠮᠤᠷ ᠲᠦᠪᠰᠢᠨ᠂ ᠲᠣᠭᠲᠠᠭᠤᠨ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号