ᠬᠠᠶᠢᠨᠠᠨ ᠲᠣᠭᠤᠷᠢᠭ ᠤᠨ ᠭᠠᠵᠢᠭᠤ ᠨᠣᠮᠯᠠᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠨ ᠬᠥᠬᠢᠭᠦᠯᠬᠦ ᠵᠠᠷᠯᠠᠯ
ᠨᠡᠶᠢᠲᠡᠯᠡᠭᠰᠡᠨ ᠴᠠᠭ᠄
2024/6/12
      ᠥᠷᠭᠡᠨ ᠣᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠳᠠᠶᠢᠴᠢᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢ ᠡᠷᠡᠰ ᠰᠡᠷᠭᠡᠶᠢᠯᠡᠵᠦ᠂ ᠭᠠᠵᠢᠭᠤ ᠨᠣᠮᠯᠠᠯ ᠢ ᠲᠠᠨᠢᠬᠤ᠂ ᠭᠠᠵᠢᠭᠤ ᠨᠣᠮᠯᠠᠯ ᠢ ᠡᠰᠡᠷᠭᠦᠴᠡᠬᠦ᠂ ᠭᠠᠵᠢᠭᠤ ᠨᠣᠮᠯᠠᠯ ᠢ ᠰᠡᠷᠭᠡᠶᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠪᠥᠬᠦ ᠠᠷᠠᠳ ᠤᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠶᠢᠭᠤᠯᠬᠤ ᠶᠢᠨ ᠲᠤᠰᠠᠳᠠ᠂ ᠡᠳᠦᠭᠡ ᠬᠠᠶᠢᠨᠠᠨ ᠲᠣᠭᠤᠷᠢᠭ ᠤᠨ ᠭᠠᠵᠢᠭᠤ ᠨᠣᠮᠯᠠᠯ ᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠢᠯᠡᠴᠢᠯᠡᠨ ᠮᠡᠳᠡᠭᠦᠯᠬᠦ ᠠᠭᠤᠯᠭ᠎ᠠ      ︵ᠨᠢᠭᠡ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠤᠰᠤ ᠠᠵᠢᠯᠯᠠᠭᠠᠨ ᠤ ᠴᠡᠭ ᠤᠨ ᠰᠦᠪᠡᠭᠴᠢ︔      ︵ᠬᠤᠶᠠᠷ︶ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠤᠰᠤ ᠠᠵᠢᠯᠯᠠᠭ᠎ᠠ ᠳᠤ ᠣᠷᠣᠯᠴᠠᠭᠰᠠᠳ ᠤᠨ ᠰᠦᠪᠡᠭᠴᠢ︔      ︵ᠭᠤᠷᠪᠠ︶ ᠵᠡᠭᠡᠯᠢ ᠳᠡᠭᠡᠷᠡᠬᠢ ᠣᠯᠠᠨ ᠵᠠᠭᠤᠴᠢᠯᠠᠭᠤᠷ ᠤᠨ ᠲᠥᠬᠦᠭᠡᠷᠦᠮᠵᠢ ︵ᠵᠠᠷ ᠮᠡᠳᠡᠭᠡᠨ ᠤ ᠫᠠᠶᠢᠰᠠ᠂ ᠬᠤᠳᠠᠯᠳᠤᠭᠠᠨ ᠤ ᠡᠷᠦᠬᠡ ᠶᠢᠨ ᠳᠡᠯᠭᠡᠴᠡ ᠵᠡᠷᠭᠡ︶ ᠤᠬᠠᠭᠤᠯᠭ᠎ᠠ ᠶᠢᠨ ᠬᠠᠭᠤᠳᠠᠰᠤ ᠨᠠᠭᠠᠬᠤ᠂ ᠨᠢᠭᠤᠴᠠ ᠪᠢᠷ᠂ ᠵᠢᠯᠣᠭᠤᠴᠢ ᠥᠬᠡᠶ ᠨᠢᠰᠬᠡᠯ ᠵᠡᠷᠭᠡ ᠠᠷᠭ᠎ᠠ ᠪᠠᠷᠢᠯ ᠢᠶᠠᠷ ᠸᠢᠳᠢᠤ᠋᠂ ᠲᠤᠰᠬᠤ᠂ ᠰᠢᠷᠳᠡᠬᠦ᠂ ᠨᠠᠭᠠᠬᠤ᠂ ᠤᠬᠠᠭᠤᠯᠬᠤ ᠬᠠᠭᠤᠳᠠᠰᠤ ᠨᠠᠭᠠᠬᠤ᠂ ᠤᠬᠠᠭᠤᠯᠬᠤ ᠬᠠᠭᠤᠳᠠᠰᠤ ᠲᠠᠷᠬᠠᠭᠠᠬᠤ ᠵᠡᠷᠭᠡ ᠵᠠᠰᠠᠭ ᠤᠨ ᠶᠠᠪᠤᠳᠠᠯ ᠳᠤ ᠬᠤᠯᠪᠣᠭᠳᠠᠬᠤ᠂ ᠭᠠᠵᠢᠭᠤ ᠪᠠᠷᠢᠮᠲᠠ ᠳᠤ ᠬᠤᠯᠪᠣᠭᠳᠠᠬᠤ ᠠᠵᠢᠯᠯᠠᠭ᠎ᠠ ᠶᠢᠨ ᠰᠦᠪᠡᠭᠴᠢ ᠬᠢᠵᠦ ᠦᠭᠭᠦᠨ᠎ᠡ︔      ︵ᠲᠦᠷᠪᠡ︶ ᠨᠣᠮ ᠤᠨ ᠳᠡᠯᠭᠡᠭᠦᠷ᠂ ᠬᠡᠪᠯᠡᠯ ᠤᠨ ᠦᠢᠯᠡᠰ ᠤᠨ ᠲᠠᠯ᠎ᠠ ᠪᠠᠷ᠂ ᠱᠠᠰᠢᠨ ᠰᠤᠷᠲᠠᠬᠤᠨ᠂ ᠭᠠᠵᠢᠭᠤ ᠨᠣᠮᠯᠠᠯ᠂ ᠦᠨᠳᠦᠰᠦᠲᠡᠨ ᠤ ᠲᠥᠷᠥᠯ ᠤᠨ ᠡᠯ᠎ᠡ ᠲᠥᠷᠥᠯ ᠤᠨ ᠬᠠᠤᠯᠢ ᠪᠤᠰᠤ ᠬᠡᠪᠯᠡᠭᠳᠡᠬᠦᠨ ᠳᠤ ᠬᠤᠯᠪᠣᠭᠳᠠᠭᠰᠠᠨ ᠰᠦᠪᠡᠭᠴᠢ︔      ︵ᠲᠠᠪᠤ︶ ᠭᠠᠵᠢᠭᠤ ᠨᠣᠮᠯᠠᠯ ᠤᠨ ᠠᠵᠢᠯᠯᠠᠭ᠎ᠠ ᠯᠤᠭ᠎ᠠ ᠬᠤᠯᠪᠣᠭᠳᠠᠬᠤ ᠪᠤᠰᠤᠳ ᠰᠡᠵᠢᠭᠲᠡᠶ ᠬᠥᠮᠦᠨ᠂ ᠬᠡᠷᠡᠭ ᠶᠠᠪᠤᠳᠠᠯ᠂ ᠪᠣᠳᠠᠰ ᠵᠡᠷᠭᠡ ᠰᠦᠪᠡᠭᠴᠢ ᠶᠢ ᠢᠯᠡᠴᠢᠯᠡᠨ ᠮᠡᠳᠡᠭᠦᠯᠵᠦ᠂ ᠭᠠᠵᠢᠭᠤ ᠨᠣᠮᠯᠠᠯ ᠢ ᠢᠯᠭᠠᠨ ᠲᠠᠨᠢᠬᠤ ︽ᠵᠢᠷᠭᠤᠭᠠᠨ ᠦᠵᠡᠯᠲᠡ︾ ᠪᠠᠷ ᠯᠠᠪᠯᠠᠯᠲᠠ ᠪᠣᠯᠭᠠᠵᠤ ᠪᠣᠯᠤᠨ᠎ᠠ᠃      ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ      ︵ᠨᠢᠭᠡ︶ ᠴᠠᠭᠳᠠᠭ᠎ᠠ ᠳᠤ ᠮᠡᠳᠡᠭᠦᠯᠬᠦ ᠤᠲᠠᠰᠤ ᠶᠢ 110 ᠤᠲᠠᠰᠤᠳᠠᠬᠤ ᠪᠤᠶᠤ ᠢᠯᠡᠴᠢᠯᠡᠨ ᠮᠡᠳᠡᠭᠦᠯᠬᠦ ᠤᠲᠠᠰᠤ ᠶᠢ 15848086110 ᠤᠲᠠᠰᠤᠳᠠᠨ᠎ᠠ᠃      ︵ᠬᠤᠶᠠᠷ︶ ᠵᠠᠬᠢᠳᠠᠯ ᠪᠤᠶᠤ ᠰᠢᠭᠤᠳ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠠᠶᠢᠨᠠᠨ  ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠢᠴᠢ ᠡᠯ᠎ᠡ ᠲᠣᠮᠢᠯᠠᠭᠰᠠᠨ ᠰᠠᠯᠪᠤᠷᠢ ᠳᠤ ᠬᠦᠷᠴᠦ ᠢᠯᠡᠴᠢᠯᠡᠨ ᠮᠡᠳᠡᠬᠦᠯᠪᠡ᠃      ᠭᠤᠷᠪᠠ᠂ ᠱᠠᠩᠨᠠᠬᠤ ᠠᠷᠭ᠎ᠠ ᠬᠡᠮᠵᠢᠶ᠎ᠡ      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠩᠭᠠᠭᠰᠠᠨ ᠰᠦᠪᠡᠭᠴᠢ ᠳᠤ ︽ᠪᠠᠷᠢᠨ ᠮᠡᠳᠡᠭᠦᠯᠵᠦ ᠳᠠᠷᠤᠶ ᠱᠠᠩᠨᠠᠬᠤ︾ ᠪᠠ ︽ᠨᠡᠮᠡᠵᠦ ᠱᠠᠩᠨᠠᠬᠤ︾ ᠬᠤᠶᠠᠷ ᠳᠡᠰ ᠤᠨ ᠱᠠᠩᠨᠠᠯ ᠣᠯᠭᠤᠵᠤ᠂ ᠱᠠᠲᠤᠯᠠᠭᠰᠠᠨ ᠱᠠᠩᠨᠠᠯ ᠤᠨ ᠪᠦᠲᠦᠴᠡ ᠶᠢ ᠪᠤᠢ ᠪᠣᠯᠭᠠᠨ᠎ᠠ᠄      ︵ᠨᠢᠭᠡ︶ ︽ᠳᠠᠷᠤᠶ ᠮᠡᠳᠡᠭᠦᠯᠪᠡᠯ ᠱᠠᠩᠨᠠᠯ︾᠄ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠡᠷᠡᠭᠯᠡᠭᠰᠡᠨ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠨᠤᠲᠠᠯᠠᠭᠰᠠᠨ ᠪᠠᠶᠢᠪᠠᠯ᠂ ︽ᠳᠠᠷᠤᠶ ᠲᠦᠷᠭᠡᠨ ᠮᠡᠳᠡᠭᠦᠯᠪᠡᠯ ᠳᠠᠷᠤᠶ ᠱᠠᠩᠨᠠᠯ︾ ᠢ ᠬᠡᠷᠡᠭᠵᠢᠭᠦᠯᠵᠦ᠂ ᠰᠦᠪᠡᠭᠴᠢ ᠪᠦᠷᠢ ᠳᠤ 100-200 ᠲᠥᠭᠦᠷᠢᠭ ᠤᠨ ᠱᠠᠩᠨᠠᠯ ᠣᠯᠭᠤᠨ᠎ᠠ᠃      ︵ᠬᠤᠶᠠᠷ︶ ︽ᠨᠡᠮᠡᠵᠦ ᠱᠠᠩᠨᠠᠯ︾᠄ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠶᠢᠴᠠᠭᠠᠨ ᠲᠣᠳᠣᠯᠠᠵᠤ᠂ ᠲᠠᠷᠬᠠᠭᠠᠬᠤ᠂ ᠬᠦᠴᠦᠨ ᠦᠭᠡᠢ ᠪᠣᠯᠭᠠᠬᠤ ᠵᠡᠷᠭᠡ ᠪᠠᠷ ᠰᠢᠢᠳᠪᠦᠷᠢᠯᠡᠭᠰᠡᠨ ᠪᠠᠶᠢᠪᠠᠯ᠂ 500 ᠲᠥᠭᠦᠷᠢᠭ ᠨᠡᠬᠡᠮᠵᠢᠯᠡᠨ ᠱᠠᠩᠨᠠᠪᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠰᠠᠭ ᠵᠠᠬᠢᠷᠭᠠᠨ ᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠪᠠᠯ᠂ 1000 ᠲᠥᠭᠦᠷᠢᠭ ᠨᠡᠬᠡᠮᠵᠢᠯᠡᠨ ᠱᠠᠩᠨᠠᠪᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠡᠭᠦᠦ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠪᠠᠯ᠂ 2000 ᠲᠥᠭᠦᠷᠢᠭ ᠨᠡᠬᠡᠮᠵᠢᠯᠡᠨ ᠱᠠᠩᠨᠠᠨ᠎ᠠ᠃      ᠳᠥᠷᠪᠡ᠂ ᠠᠩᠬᠠᠷᠬᠤ ᠵᠦᠢᠯ      ︵ᠨᠢᠭᠡ︶ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠦᠭᠰᠡᠨ ᠢ ᠢᠯᠡᠴᠢᠯᠡᠨ ᠮᠡᠳᠡᠭᠦᠯᠦᠭᠴᠢ ᠢᠯᠡᠴᠢᠯᠡᠨ ᠮᠡᠳᠡᠭᠦᠯᠦᠭᠴᠢ ᠶᠢᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠰᠡᠨ ᠢ ᠢᠯᠡᠴᠢᠯᠡᠨ ᠮᠡᠳᠡᠭᠦᠯᠦᠭᠴᠢ ᠳᠤᠷ᠎ᠠ ᠶᠢᠨ 6 ᠣᠷᠣᠨᠲᠤ ᠲᠣᠭᠠᠨ ᠤ ᠨᠢᠭᠤᠴᠠ ᠨᠣᠮᠧᠷ ᠢ ᠬᠡᠷᠡᠭᠯᠡᠨ ᠲᠤᠰ ᠬᠥᠮᠦᠨ ᠤ ᠣᠷᠣᠯᠠᠬᠤ ᠨᠣᠮᠧᠷ ᠪᠣᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠨᠢᠭᠤᠴᠠ ᠨᠣᠮᠧᠷ ᠢᠶᠠᠷ ᠢᠯᠡᠴᠢᠯᠡᠨ ᠮᠡᠳᠡᠭᠦᠯᠦᠭᠴᠢ ᠶᠢ ᠲᠣᠭᠲᠠᠭᠠᠬᠤ ᠶᠢᠨ ᠬᠠᠮᠲᠤ ᠱᠠᠩᠨᠠᠯ ᠤᠨ ᠮᠥᠩᠭᠦ ᠶᠢ ᠣᠯᠭᠤᠨ᠎ᠠ᠃ ᠨᠡᠷ᠎ᠡ ᠪᠤᠷᠤᠭᠤᠯᠠᠵᠤ ᠢᠯᠡᠴᠢᠯᠡᠨ ᠮᠡᠳᠡᠭᠦᠯᠦᠭᠰᠡᠨ ᠪᠠᠶᠢᠪᠠᠯ᠂ ᠬᠡᠷᠡᠭ ᠢ ᠳᠡᠩᠨᠡᠨ ᠢᠯᠡᠷᠡᠭᠦᠯᠦᠭᠰᠡᠨ ᠤ ᠳᠠᠷᠠᠭ᠎ᠠ ᠢᠯᠡᠴᠢᠯᠡᠨ ᠮᠡᠳᠡᠭᠦᠯᠦᠭᠰᠡᠨ ᠬᠥᠮᠦᠨ ᠲᠠᠢ ᠬᠠᠷᠢᠯᠴᠠᠵᠤ ᠴᠢᠳᠠᠬᠤ ᠪᠥᠭᠡᠳ ᠢᠯᠡᠴᠢᠯᠡᠨ ᠮᠡᠳᠡᠭᠦᠯᠦᠭᠴᠢ ᠱᠠᠩᠨᠠᠯ ᠠᠪᠬᠤ ᠳᠤᠷᠠᠲᠠᠶ ᠪᠠᠶᠢᠪᠠᠯ᠂ ᠱᠠᠩᠨᠠᠯ ᠣᠯᠭᠤᠬᠤ ᠬᠡᠷᠡᠭᠲᠡᠶ᠃      ︵ᠬᠤᠶᠠᠷ︶ ᠮᠡᠳᠡᠭᠦᠯᠦᠯᠲᠡ ᠶᠢ ᠬᠦᠯᠢᠶᠡᠨ ᠠᠪᠬᠤ ᠨᠢᠭᠡᠴᠢ ᠵᠢᠴᠢ ᠠᠵᠢᠯᠲᠠᠳ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠎ᠠ᠃      ︵ᠭᠤᠷᠪᠠ︶ ᠢᠯᠡᠴᠢᠯᠡᠨ ᠮᠡᠳᠡᠭᠦᠯᠦᠭᠴᠢ ᠭᠠᠵᠢᠭᠤ ᠨᠣᠮᠯᠠᠯ ᠳᠤ ᠬᠤᠯᠪᠣᠭᠳᠠᠭᠰᠠᠨ ᠰᠦᠪᠡᠭᠴᠢ ᠶᠢ ᠦᠨᠡᠨ ᠮᠥᠨ ᠢᠶᠠᠷ ᠨᠢ ᠲᠤᠰᠬᠠᠬᠤ ᠬᠡᠷᠡᠭᠳᠡᠢ᠂ ᠬᠡᠷᠪᠡ ᠢᠯᠡᠴᠢᠯᠡᠨ ᠮᠡᠳᠡᠭᠦᠯᠦᠭᠰᠡᠨ ᠨᠡᠷ᠎ᠡ ᠪᠠᠷ ᠭᠦᠳᠬᠡᠨ ᠵᠠᠭᠠᠯᠳᠣᠬᠤ᠂ ᠢᠯᠡᠴᠢᠯᠡᠨ ᠮᠡᠳᠡᠭᠦᠯᠦᠭᠳᠡᠵᠦ ᠮᠡᠳᠡᠭᠦᠯᠦᠭᠰᠡᠨ ᠬᠥᠮᠦᠨ ᠢ ᠬᠢᠬᠠᠬᠤ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠬᠤ᠂ ᠬᠤᠳᠠᠯ ᠢᠶᠠᠷ ᠮᠡᠳᠡᠭᠦᠯᠦᠭᠰᠡᠨ ᠵᠡᠷᠭᠡ ᠦᠢᠯᠡ ᠠᠵᠢᠯᠯᠠᠭ᠎ᠠ ᠶᠢ ᠣᠯᠵᠤ ᠮᠡᠳᠡᠪᠡᠯ᠂  ᠳᠣᠲᠣᠭᠠᠳᠤ  ᠶᠢ  ᠬᠠᠮᠠᠭᠠᠯᠠᠬᠤ  ᠪᠠᠶᠢᠭᠤᠯᠭ᠎ᠠ ᠠᠴᠠ ᠬᠤᠯᠪᠣᠭᠳᠠᠯ ᠪᠦᠬᠦᠢ ᠬᠠᠤᠯᠢ ᠴᠠᠭᠠᠵᠠ  ᠶᠢᠨ  ᠬᠠᠷᠢᠭᠤᠴᠠᠯᠭ᠎ᠠ  ᠶᠢ  ᠬᠠᠤᠯᠢ  ᠶᠣᠰᠣᠭᠠᠷ  ᠨᠡᠬᠡᠮᠵᠢᠯᠡᠨ᠎ᠡ᠃              ᠲᠤᠮᠳᠠᠲᠦ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ              ᠦᠬᠠᠢ ᠬᠤᠳᠠ ᠶᠢᠨ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠬᠠᠶᠢᠨᠠᠨ ᠤ ᠬᠤᠪᠢᠶᠠᠷᠢ ᠲᠤᠪᠴᠢᠶ᠎ᠠ                                                2024 ᠣᠨ ᠤ 3 ᠰᠠᠷ᠎ᠠ ᠶᠢᠨ 12 ᠤᠨ ᠡᠳᠦᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号