ᠪᠠᠢ ᠴᠦᠨ ᠯᠸᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/13
      6 ᠰᠠᠷ᠎ᠠ ᠶᠢᠨ 12 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠰᠢᠤ ᠹᠠᠩ ᠣᠷᠣᠯᠴᠠᠪᠠ᠃     ᠬᠠᠶᠢᠨᠠᠨ ᠲᠣᠭᠤᠷᠢᠭ ᠤᠨ ᠬᠤᠶᠠᠳᠤᠭᠠᠷ ᠬᠡᠤᠬᠡᠳ ᠤᠨ ᠴᠡᠴᠡᠷᠯᠢᠭ᠂ ᠦᠬᠠᠶ ᠬᠤᠲᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠪᠠᠶ ᠴᠦᠨ ᠯᠸᠢ ᠵᠢᠭᠠᠨ ᠰᠤᠷᠭᠠᠯᠲᠠ ᠶᠢᠨ ᠠᠰᠠᠷ᠂ ᠰᠣᠷᠣᠭᠴᠢ ᠶᠢᠨ ᠪᠠᠶᠢᠷᠢ᠂ ᠬᠤᠭᠤᠯᠠᠨ ᠬᠡᠷ ᠵᠡᠷᠭᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠨᠵᠧᠨᠧᠷᠢᠩ ᠤᠨ ᠠᠬᠢᠴᠠ᠂ ᠶᠠᠰᠤ ᠴᠢᠨᠠᠷ ᠤᠨ ᠪᠠᠷᠢᠮᠵᠢᠶ᠎ᠠ᠂ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠵᠡᠷᠭᠡ ᠶᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠠᠷᠠᠳ ᠤᠨ ᠠᠮᠢᠳᠤᠷᠠᠯ ᠤᠨ ᠠᠵᠠ ᠵᠢᠷᠭᠠᠯ ᠪᠠ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠢᠨᠵᠧᠨᠧᠷᠢᠩ ᠮᠥᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠠᠴᠠ ᠡᠭᠦᠰᠴᠦ᠂ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠰᠢᠰᠲ᠋ᠧᠮ ᠲᠠᠢ ᠲᠥᠯᠥᠪᠵᠢᠭᠦᠯᠵᠦ᠂ ᠤᠳᠤ ᠦᠶ᠎ᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠬᠤᠯᠠ ᠡᠯᠧᠮᠧᠨ᠋ᠲ ᠤᠨ ᠲᠣᠬᠢᠷᠠᠭᠤᠯᠤᠯᠲᠠ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠰᠣᠶᠣᠯ ᠤᠨ ᠣᠨᠴᠠᠯᠢᠭ ᠪᠠ ᠪᠣᠳᠠᠲᠠᠢ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠪᠠᠶᠢᠷᠢᠰᠢᠯ ᠨᠢ ᠵᠦᠢ ᠵᠣᠬᠢᠰᠲᠠᠢ᠂ ᠴᠢᠳᠠᠮᠵᠢ ᠨᠢ ᠪᠦᠷᠢᠨ ᠲᠡᠭᠦᠯᠳᠡᠷ᠂ ᠣᠷᠴᠢᠨ ᠲᠣᠭᠤᠷᠢᠨ ᠨᠢ ᠭᠤᠶᠤ ᠰᠠᠶᠢᠬᠠᠨ ᠣᠳᠣᠬᠢᠴᠢᠯᠠᠭᠰᠠᠨ ᠰᠢᠨ᠎ᠡ ᠰᠤᠷᠭᠠᠭᠤᠯᠢ ᠶᠢᠨ ᠬᠦᠷᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠠᠮᠤᠷ ᠲᠦᠪᠰᠢᠨ ᠤ ᠠᠳᠡᠯ ᠢ ᠴᠢᠩᠭ᠎ᠠ ᠰᠡᠷᠭᠡᠶᠢᠯᠡᠵᠦ᠂ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃      ᠵᠧᠨ ᠰᠢᠩ ᠰᠠᠭᠤᠭᠠᠯᠢ ᠠᠷᠠᠳ ᠤᠨ ᠲᠣᠭᠤᠷᠢᠭ᠂ ᠳ᠋ᠧ ᠱᠦᠨ ᠰᠠᠭᠤᠭᠠᠯᠢ ᠠᠷᠠᠳ ᠤᠨ  ᠲᠣᠭᠤᠷᠢᠭ ᠲᠤ᠂ ᠪᠠᠢ ᠴᠦᠨ ᠯᠸᠢ ᠬᠠᠭᠤᠴᠢᠨ ᠰᠠᠭᠤᠭᠠᠯᠢ ᠠᠷᠠᠳ ᠤᠨ ᠥᠭᠡᠷᠡᠴᠢᠯᠡᠨ ᠪᠠᠶᠢᠭᠤᠯᠬᠤ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠨᠠᠷᠢᠨ ᠵᠦᠢᠯᠡᠰ ᠢ ᠡᠵᠡᠮᠳᠡᠬᠦ ᠶᠢ ᠪᠠᠷᠢᠮᠲᠠᠯᠠᠵᠤ᠂ ᠬᠤᠷᠢᠶᠠᠯᠠᠯ ᠤᠨ ᠪᠠᠷᠢᠯᠭ᠎ᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠪᠣᠳᠠᠲᠠᠢ ᠶᠢ ᠡᠷᠬᠢᠮᠯᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠳᠤ ᠲᠦᠭᠦᠮ ᠪᠠᠶᠢᠵᠤ᠂ ᠭᠠᠵᠠᠷ ᠳᠣᠣᠷᠠᠬᠢ ᠬᠤᠭᠤᠯᠠᠢ ᠲᠣᠣᠷ ᠢ ᠥᠭᠡᠷᠡᠴᠢᠯᠡᠬᠦ᠂ ᠬᠡᠷᠡᠮ ᠤᠨ ᠳᠤᠯᠠᠭᠠᠨ ᠢ ᠬᠠᠮᠠᠭᠠᠯᠠᠬᠤ ᠵᠡᠷᠭᠡ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠯᠠᠨ ᠨᠡᠶᠢᠲᠡ ᠶᠢᠨ ᠲᠤᠨᠤᠭ ᠲᠥᠬᠦᠭᠡᠷᠦᠮᠵᠢ ᠶᠢ ᠢᠵᠢ ᠪᠦᠷᠢᠳᠦᠭᠦᠯᠬᠦ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠯᠠᠨ ᠳᠤ ᠦᠨᠡᠨᠬᠦ ᠣᠷᠴᠢᠨ ᠲᠣᠭᠤᠷᠢᠨ ᠭᠤᠶᠢᠳᠠ ᠰᠠᠶᠢᠬᠠᠨ᠂ ᠡᠮᠬᠢ ᠳᠢᠭᠯᠢᠮ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠢ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃      ᠶᠢᠨ ᠲᠢᠶᠠᠨ ᠤᠢ ᠰᠢᠭᠤᠢ ᠶᠢᠨ ᠴᠡᠴᠡᠷᠯᠢᠭ ᠤᠨ ᠪᠠᠭ᠎ᠠ ᠲᠣᠭᠤᠷᠢᠭ᠂ ᠶᠢᠨ ᠲᠠᠢ ᠴᠡᠴᠡᠷᠯᠢᠭ ᠤᠨ ᠢᠦᠢ ᠹᠦ᠋ ᠪᠠᠭ᠎ᠠ ᠲᠣᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠪᠠᠢ ᠴᠦᠨ ᠯᠸᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠪᠠ᠃ ᠲᠡᠷᠡ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠨᠢ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠳᠦᠷᠢ ᠲᠥᠷᠬᠦ ᠲᠠᠢ ᠬᠤᠯᠪᠣᠭᠳᠠᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠬᠤ ᠪᠣᠯᠬᠤᠷ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠶᠢᠨ ᠲᠥᠰᠦᠯ ᠢ ᠰᠢᠯᠢᠳᠡᠭᠵᠢᠭᠦᠯᠦᠨ᠂ ᠢᠨᠵᠧᠨᠧᠷᠢᠩ ᠤᠨ ᠲᠥᠯᠥᠪᠵᠢᠭᠦᠯᠭᠡ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠴᠠᠭ ᠲᠤᠬᠠᠶ ᠳᠤᠨᠢ ᠲᠤᠰᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号