ᠢᠦᠶ ᡁᠢ ᠶᠦᠩ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠵᠢᠴᠢ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/17
      6 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠵᠢᠴᠢ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ ᠣᠷᠣᠯᠴᠠᠪᠠ᠃
18.jpg
      ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠳᠤ᠂ ᠢᠦᠢ ᡁᠢ ᠶᠦᠩ ᠨᠠᠷ ᠤᠷᠢᠳ ᠬᠤᠵᠢᠳ ᠦᠬᠠᠢ ᠬᠤᠳᠠ ᠶᠢᠨ ᠭᠤᠸᠠᠩ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠦᠸᠧ ᠰᠢᠤᠸᠠᠨ ᠨᠡᠭᠦᠷᠡᠰᠦᠲᠥ᠋ᠷᠥᠭᠴᠢᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠦᠩ ᠲᠠᠢ ᠬᠢᠮᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ᠂ ᠡᠵᠡᠩᠨᠡᠯᠲᠡ ᠬᠥᠭᠵᠢᠯᠲᠡ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠠᠯᠤᠰ ᠢᠷᠡᠭᠡᠳᠦᠢ ᠵᠡᠷᠭᠡ ᠪᠠᠶᠢᠳᠠᠯ ᠢ ᠰᠣᠨᠣᠰᠴᠠᠢ᠃ ᠲᠡᠷᠡ᠂ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠠᠵᠢᠯ ᠲᠦᠷᠦᠯ ᠤᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠪᠣᠷᠣᠯᠠᠭᠤᠯᠭ᠎ᠠ ᠰᠠᠶᠢᠲᠠᠢ᠂ ᠦᠷᠢᠰᠦᠯᠳᠦᠬᠦ ᠬᠦᠴᠦᠨ ᠲᠠᠢ ᠭᠤᠣᠯᠯᠠᠭᠴᠢ ᠦᠢᠯᠡᠳᠬᠦᠨ ᠢ ᠰᠤᠳᠤᠯᠤᠨ ᠨᠡᠭᠡᠭᠡᠵᠦ᠂ ᠦᠢᠯᠡᠳᠪᠦᠷᠢᠯᠡᠵᠦ᠂ ᠦᠢᠯᠡᠳᠬᠦᠨ ᠤ ᠨᠡᠮᠡᠯᠲᠡ ᠦᠷᠳᠡᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠲᠠᠭᠤᠨ ᠢᠶᠠᠷ ᠠᠵᠢᠯᠯᠠᠬᠤ᠂ ᠠᠯᠤᠰ ᠬᠡᠳᠤ ᠶᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠭᠠᠳᠠᠭᠠᠳᠤ ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠬᠦᠴᠦᠯᠡᠨ ᠠᠬᠢᠭᠤᠯᠵᠤ᠂ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠢ ᠨᠠᠷᠢᠨ ᠨᠢᠮᠪᠠᠢ ᠪᠠᠶᠢᠴᠠᠭᠠᠨ ᠴᠡᠭᠴᠡᠯᠡᠨ ᠵᠠᠰᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠦᠨᠡᠨ ᠬᠦ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠳᠤ ᠬᠤᠯᠪᠣᠭᠳᠠᠬᠤ ᠡᠯ᠎ᠡ ᠲᠦᠷᠦᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠳᠤ ᠨᠡᠩ ᠰᠠᠶᠢᠲᠤᠷ ᠦᠢᠯᠡᠴᠢᠯᠡᠵᠦ᠂ ᠣᠷᠣᠨ ᠪᠦᠰᠡ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃      ᠪᠠᠶᠠᠨᠲᠤᠬᠤᠢ ᠪᠠᠯᠭᠠᠰᠤᠨ ᠤ ᠸᠠᠨ ᠮᠦ ᠲᠠᠨ ᠲᠣᠰᠬᠤᠨ ᠳᠤ᠂ ᠢᠦᠢ ᡁᠢ ᠶᠦᠩ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠪᠣᠯ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠤᠨ᠎ᠠ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠰᠠᠶᠢᠨ ᠲᠠᠯ᠎ᠠ ᠶᠢ ᠲᠣᠳᠣᠷᠬᠠᠢ ᠶᠠᠷᠢᠵᠤ᠂ ᠤᠯᠠᠨ ᠲᠦᠮᠡᠨ ᠤ ᠴᠠᠬᠢᠯᠭᠠᠨ ᠬᠡᠷᠡᠭᠯᠡᠬᠦ ᠶᠢ ᠰᠠᠶᠢᠲᠤᠷ ᠪᠤᠳᠤᠵᠤ᠂ ᠥᠷᠭᠡᠨ ᠤᠯᠠᠨ ᠲᠦᠮᠡᠨ ᠳᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠵᠣᠭᠤᠰ ᠠᠷᠪᠢᠯᠠᠬᠤ᠂ ᠡᠷᠡᠭᠦᠯ ᠬᠠᠮᠠᠭᠠᠯᠠᠯ᠂ ᠳᠥᠭᠦᠮ ᠦᠵᠡᠭᠦᠯᠬᠦ ᠳᠠᠪᠠᠭᠤᠯᠢᠭ ᠢ ᠭᠦᠢᠴᠡᠳ ᠣᠶᠢᠯᠠᠭᠠᠭᠤᠯᠵᠤ᠂ ᠤᠯᠠᠨ ᠲᠦᠮᠡᠨ ᠤ ᠣᠶᠢᠯᠠᠭᠠᠯᠲᠠ᠂ ᠬᠦᠷᠢᠶᠡᠯᠡᠯ ᠢ ᠦᠨᠡᠨᠬᠦ ᠤᠯᠬᠤ ᠬᠡᠷᠡᠭᠲᠡᠢ᠃ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠥᠨᠳᠥᠷ ᠲᠦᠪᠰᠢᠨ ᠲᠠᠢ᠂ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠵᠤ᠂ ᠠᠷᠭ᠎ᠠ ᠪᠦᠬᠦᠨ ᠢ ᠰᠦᠪᠡᠭᠴᠢᠯᠡᠨ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠠᠷᠠᠳ ᠤᠯᠠᠨ ᠢ ᠳᠤᠯᠠᠭᠠᠯᠠᠭ᠎ᠠ ᠬᠠᠩᠭᠠᠬᠤ ᠤᠯᠠᠷᠢᠯ ᠳᠤ ᠳᠤᠯᠠᠭᠠᠨ ᠲᠠᠭᠠᠯᠠᠮᠵᠢᠲᠠᠢ ᠪᠠᠷ ᠡᠪᠦᠯᠵᠢᠭᠦᠯᠬᠦ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠢᠦᠶ ᡁᠢ ᠶᠦᠩ ᠪᠠᠰᠠ ᠬᠠᠪᠰᠤᠷᠤᠯᠴᠠᠭ᠎ᠠ ᠪᠠᠶᠢᠭᠤᠯᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠪᠣᠯᠭᠤᠭᠠᠨ ᠲᠣᠬᠤᠨᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号