ᠼᠦᠢ ᠵᠢᠩ ᠶᠢᠩ ᠠᠵᠤ ᠠᠬᠤᠶ ᠶᠢᠨ ᠠᠵᠢᠯᠯᠠᠭᠠᠨ ᠠᠶᠤᠯᠭᠦᠶ ᠦᠢᠯᠡᠳᠪᠦᠷᠢᠯᠡᠯ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/17
      6 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠨᠠᠨ ᠲᠣᠭᠤᠷᠢᠭ ᠲᠤ ᠬᠦᠷᠴᠦ ᠠᠵᠤ ᠠᠬᠤᠢ ᠶᠢᠨ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠣᠷᠣᠯᠴᠠᠵᠠᠶ᠃
19.jpg
      ᠼᠦᠢ ᠵᠢᠩ ᠶᠢᠩ ᠨᠡᠷ ᠤᠷᠢᠳ ᠬᠤᠵᠢᠳ ᠺᠧ ᠱᠦᠸᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠱᠢ ᠬᠤᠸᠠᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠷᠦᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠯᠦᠭᠡ ᠨᠡᠭᠦᠷᠡᠰᠦᠨ ᠠᠭᠤᠷᠬᠠᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠯᠠᠪᠯᠠᠨ ᠠᠰᠠᠭᠤᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠵᠢᠯᠯᠠᠵᠤ ᠠᠰᠠᠭᠤᠳᠠᠯ ᠢ ᠰᠢᠢᠳᠪᠦᠷᠢᠯᠡᠬᠦ ᠠᠷᠭ᠎ᠠ ᠪᠤᠳᠤᠯᠭ᠎ᠠ ᠪᠣᠯᠤᠨ ᠠᠷᠭ᠎ᠠ ᠶᠢ ᠰᠤᠳᠤᠯᠵᠠᠢ᠃      ᠼᠦᠢ ᠵᠢᠩ ᠶᠢᠩ ᠬᠡᠯᠡᠭᠰᠡᠨ ᠨᠢ᠂ ᠭᠤᠣᠯᠳᠠᠯᠭ᠎ᠠ ᠲᠠᠢ ᠲᠦᠷᠦᠯ ᠵᠦᠢᠯ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠤᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠡᠷᠭᠡᠭ ᠢᠶᠠᠷ ᠲᠠᠨᠢᠵᠤ᠂ ᠬᠠᠷᠠᠯᠲᠠ ᠪᠠᠨ ᠲᠣᠭᠲᠠᠭᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠥᠭᠵᠢᠭᠦᠯᠵᠦ᠂ ᠠᠵᠤ ᠠᠬᠤᠢ ᠶᠢᠨ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠠᠳᠬᠤᠵᠤ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠯᠠᠭᠠᠨ ᠱᠤᠭᠤᠮ ᠤᠨ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠣᠯᠤᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠲᠡᠰ ᠳᠡᠪᠰᠢᠬᠦ᠂ ᠦᠢᠯᠡᠳᠬᠦᠨ ᠤ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号