ᠪᠠᠢ ᠴᠦᠨ ᠯᠸᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/18
      6 ᠳ᠋ᠤᠭᠠᠷ ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠰᠢᠤ ᠹᠠᠩ ᠣᠷᠣᠯᠴᠠᠪᠠ᠃      ᠪᠠᠢ ᠴᠦᠨ ᠯᠸᠢ ᠤᠷᠢᠳ ᠬᠤᠵᠢᠳ ᠦᠬᠠᠢ ᠬᠤᠳᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ᠂ ᠬᠠᠶᠢᠨᠠᠨ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ᠂ ᠬᠠᠶᠢᠨᠠᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ᠂ ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ᠂ ᠪᠠᠷᠠᠭᠤᠨ ᠣᠷᠠᠨᠳᠦ᠋ᠰᠢ ᠰᠤᠷᠭᠠᠭᠤᠯᠢ ᠳᠤ ᠬᠦᠷᠴᠦ᠂ ᠡᠯ᠎ᠡ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠰᠣᠨᠣᠰᠴᠤ᠂ ᠮᠠᠨ ᠤ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠤᠷᠭᠠᠨ ᠬᠥᠮᠦᠵᠢᠯ ᠤᠨ ᠦᠢᠯᠡᠰ ᠪᠣᠯ ᠬᠥᠭᠵᠢᠯᠲᠡ ᠪᠠ ᠢᠷᠡᠭᠡᠳᠦᠶ ᠲᠠᠢ ᠬᠤᠯᠪᠣᠭᠳᠠᠵᠤ ᠪᠠᠶᠢᠳᠠᠭ᠂ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠬᠦᠴᠦᠨ ᠢᠶᠠᠨ ᠲᠥᠪᠯᠡᠷᠡᠭᠦᠯᠦᠨ ᠰᠤᠷᠭᠠᠨ ᠬᠥᠮᠦᠵᠢᠯ ᠢ ᠬᠥᠭᠵᠢᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠵᠦ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠲᠦᠭᠡᠮᠡᠯ ᠬᠠᠷᠠᠭᠠᠯᠵᠠᠯᠲᠤ ᠡᠷᠬᠡ ᠲᠡᠭᠰᠢ᠂ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠢᠰᠲ᠋ᠧᠮ ᠤᠨ ᠴᠢᠨᠠᠷᠲᠠᠶ ᠪᠠᠷ ᠪᠣᠭᠤᠮᠢ ᠪᠣᠯᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠠᠬᠢᠨ ᠳᠡᠭᠡᠭᠰᠢᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠵᠢᠭᠠᠨ ᠰᠤᠷᠭᠠᠯᠲᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ᠂ ᠵᠢᠭᠠᠨ ᠰᠤᠷᠭᠠᠯᠲᠠ ᠶᠢᠨ ᠠᠷᠭ᠎ᠠ᠂ ᠰᠤᠷᠭᠠᠭᠤᠯᠢ ᠡᠷᠬᠢᠯᠡᠬᠦ ᠵᠠᠭᠪᠤᠷ ᠢᠶᠠᠨ ᠦᠷᠭᠦᠯᠵᠢᠯᠡᠨ ᠰᠠᠶᠢᠵᠢᠷᠠᠭᠤᠯᠵᠤ᠂ ᠠᠪᠢᠶᠠᠰ ᠲᠤᠨᠢ ᠲᠤᠬᠢᠷᠠᠭᠤᠯᠤᠨ ᠵᠢᠭᠠᠨ ᠰᠤᠷᠭᠠᠯᠲᠠ ᠶᠢ ᠥᠷᠨᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠰᠠᠭᠤᠷᠢ ᠪᠡᠯᠡᠳᠬᠡᠮᠵᠢ ᠪᠠ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠠᠬᠢᠭᠤᠯᠤᠨ᠂ ᠪᠠᠭᠰᠢ ᠰᠤᠷᠤᠭᠴᠢᠳ ᠲᠤ ᠰᠤᠷᠤᠯᠴᠠᠯᠭ᠎ᠠ ᠠᠮᠢᠳᠤᠷᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠬᠠᠩᠭᠠᠵᠤ᠂ ᠣᠷᠴᠢᠨ ᠲᠣᠭᠤᠷᠢᠨ ᠤ ᠬᠥᠮᠦᠨ ᠬᠥᠮᠦᠵᠢᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号