ᠪᠠᠢ ᠴᠦᠨ ᠯᠸᠢ ᠪᠥᠬᠦ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/19
      6 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠪᠥᠬᠦ ᠲᠤᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠸᠠᠩ ᠬᠤᠩ ᠼᠦᠨ ᠣᠷᠣᠯᠴᠠᠵᠠᠢ᠃      ᠪᠠᠢ ᠴᠦᠨ ᠯᠸᠢ ᠨᠠᠷ ᠤᠷᠢᠳ ᠬᠤᠵᠢᠳ ᠮᠧᠢ ᠪᠠᠩ ᠵᠦᠩ ᠺᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠭᠤᠸᠠᠩ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠵᠢᠴᠢ ᠰᠢᠤᠸᠠᠨ ᠬᠤᠸᠠ ᠰᠢᠨ᠎ᠡ ᠡᠨᠧᠷᠭᠢ ᠶᠢᠨ ᠭᠡᠷᠡᠯ ᠴᠡᠨᠡᠭ ᠤᠨ ᠲᠦᠷᠦᠯ ᠵᠦᠢᠯ ᠤᠨ ᠭᠠᠵᠠᠷ ᠰᠣᠩᠭᠤᠬᠤ ᠣᠷᠣᠨ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ᠂ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠶᠢ ᠢᠮᠠᠭᠲᠠ ᠪᠠᠷᠢᠮᠲᠠᠯᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠠᠳᠬᠤᠬᠤ᠂ ᠠᠬᠢᠭᠤᠯᠬᠤ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠢᠴᠢ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠲᠦᠷᠭᠡᠨ ᠪᠦᠳᠦᠭᠡᠨ ᠪᠠᠶᠢᠭᠤᠯᠤᠯᠲᠠ᠂ ᠡᠷᠲᠡ ᠪᠠᠷᠢᠯᠭ᠎ᠠ ᠳᠠᠭᠤᠰᠬᠤ᠂ ᠲᠦᠷᠭᠡᠨ ᠠᠰᠢᠭᠯᠠᠯᠲᠠ ᠳᠤ ᠣᠷᠣᠭᠤᠯᠬᠤ᠂ ᠡᠷᠲᠡ ᠦᠢᠯᠡᠳᠪᠦᠷᠢᠯᠡᠯ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠳᠤᠰᠤᠯᠭᠠᠨ ᠤᠰᠤᠯᠠᠵᠤ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠬᠦ᠂ ᠵᠠᠳᠠᠯᠬᠤ ᠪᠠ ᠲᠣᠬᠢᠷᠠᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠨᠡᠮᠡᠭᠳᠡᠯ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠳᠡᠭᠡᠷ᠎ᠡ ᠬᠠᠭᠠᠰ ᠵᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠨ ᠵᠠᠰᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号