ᠢᠦᠶ ᡁᠢ ᠶᠦᠩ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/19
      6 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠤᠢ ᠰᠢᠭᠤᠢ ᠶᠢ ᠲᠣᠭᠤᠷᠢᠨ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠦᠶ ᡁᠢ ᠶᠦᠩ ᠤᠤᠯ ᠤᠨ ᠮᠧᠩ ᠾᠧᠩ ᠡᠯᠡᠰᠦᠨ ᠲᠠᠯᠠᠪᠠᠶ ᠶᠢᠨ ᠭᠤᠤᠯ ᠤᠨ ᠵᠠᠮ ᠢ ᠰᠡᠷᠭᠦᠭᠡᠨ ᠵᠠᠰᠠᠭᠰᠠᠨ ᠪᠠᠶᠢᠳᠠᠯ᠂ ᠸᠠᠨ ᠶᠤᠸᠠᠨ ᠵᠠᠳᠠᠭᠠᠶ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠮᠠᠯᠲᠠᠭᠰᠠᠨ ᠨᠦᠬᠡ ᠶᠢ ᠵᠠᠰᠠᠭᠰᠠᠨ ᠪᠠᠶᠢᠳᠠᠯ ᠪᠠ ᠰᠧ ᠳ᠋ᠤᠤ ᠴᠢᠤᠸᠠᠨ ᠨᠢᠭᠡᠳᠦᠭᠡᠷ ᠬᠤᠷᠰᠢᠶ᠎ᠠ᠂ ᠴᠢᠤᠸᠠᠢ ᠡᠯ ᠭᠧᠦ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢ ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠦᠯᠢᠶᠡᠵᠦ ᠳᠡᠶᠢᠯᠬᠦ ᠦᠭᠡᠢ᠂ ᠤᠳᠠᠭᠠᠰᠢᠷᠠᠭᠤᠯᠵᠤ ᠪᠣᠯᠤᠰᠢ ᠦᠭᠡᠢ ᠲᠤᠯᠭᠠᠮ᠎ᠠ ᠰᠡᠳᠬᠢᠯᠭᠡ ᠪᠠᠷ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠲᠡᠷᠡ ᠬᠡᠪ ᠢᠶᠠᠷ ᠨᠢ ᠴᠡᠭᠴᠡᠯᠡᠨ ᠰᠠᠶᠢᠵᠢᠷᠠᠭᠤᠯᠵᠤ᠂ ᠬᠠᠶᠢᠨᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠬᠡᠯᠡᠪᠡ᠃ ︽ᠡᠷᠬᠢᠨ ᠬᠠᠷᠠᠬᠤ︾ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠨᠢᠭᠡᠨᠲᠡ ᠪᠡᠶᠡᠯᠡᠭᠦᠯᠦᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠶᠠᠭ ᠴᠡᠭᠴᠡᠯᠡᠨ ᠰᠠᠶᠢᠵᠢᠷᠠᠭᠤᠯᠵᠤ ᠪᠠᠶᠢᠭ᠎ᠠ ᠪᠠᠶᠢᠪᠠᠯ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠲᠠᠢ ᠬᠠᠷᠭᠤᠭᠤᠯᠵᠤ᠂ ᠪᠠᠷᠢᠯᠭ᠎ᠠ ᠶᠢᠨ ᠬᠦᠴᠦᠨ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠬᠠᠷᠢᠶ᠎ᠠ ᠭᠠᠵᠠᠷ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠳᠦᠷ ᠳᠤᠳᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠭᠤᠣᠯ ᠤᠨ ᠵᠠᠮ ᠤᠨ ︽ᠲᠦᠷᠪᠡ ᠶᠢ ᠠᠷᠢᠯᠭᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠡᠢ᠃    ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠢᠦᠶ ᡁᠢ ᠶᠦᠩ ᠪᠠᠰᠠ ᠬᠠᠶ ᠬᠤᠶ ᠱᠤᠭᠤᠮ ᠤᠨ ᠣᠶ ᠶᠢᠨ ᠪᠦᠰᠡᠨ ᠤ ᠰᠠᠶᠢᠬᠠᠬᠤᠰᠤ ᠲᠣᠰᠬᠤᠨ ᠤ ᠬᠡᠰᠡᠭ ᠲᠤ ᠬᠦᠷᠴᠦ ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号