ᠬᠦᠬᠤᠰᠣ ᠪᠠᠯᠭᠠᠰᠣ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠢᠭᠤᠴᠠ ᠶᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ
ᠨᠡᠶᠢᠲᠡᠯᠡᠭᠰᠡᠨ ᠴᠠᠭ᠄
2024/6/20
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠤᠬᠠᠮᠰᠠᠷ ᠪᠣᠯᠤᠨ ᠴᠢᠳᠠᠪᠤᠷᠢ ᠪᠠᠨ ᠴᠢᠩᠭᠠᠳᠬᠠᠵᠤ᠂ ᠭᠦᠬᠤᠰᠣ ᠪᠠᠯᠭᠠᠰᠤ ᠨᠠᠷᠢᠨ ᠨᠢᠮᠪᠠᠢ ᠲᠥᠯᠥᠪᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠨᠢᠭᠡ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠪᠠᠨ ᠴᠢᠩᠭᠠᠳᠬᠠᠨ ᠨᠢᠭᠤᠴᠠ ᠶᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠱᠠᠲᠤ ᠱᠠᠲᠤ ᠪᠠᠷ ᠪᠣᠭᠤᠮᠲᠠ ᠰᠢᠪᠲᠤᠯᠬᠤ᠂ ᠱᠠᠲᠤ ᠬᠤᠪᠢᠶᠠᠨ ᠬᠠᠷᠢᠭᠤᠴᠠᠬᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠪᠠ᠃ ᠨᠢᠭᠤᠴᠠ ᠶᠢ ᠬᠠᠮᠠᠭᠠᠯᠠᠬᠤ ᠬᠥᠮᠦᠵᠢᠯ ᠤᠨ ᠠᠵᠢᠯ ᠢ ᠡᠳᠦᠷ ᠲᠤᠲᠤᠮ ᠤᠨ ᠲᠤᠬᠠᠶᠢᠯᠠᠭᠰᠠᠨ ᠠᠵᠢᠯ ᠤᠨ ᠳᠤᠮᠳᠠ ᠲᠤᠤᠱᠯᠠᠭᠤᠯᠵᠤ᠂ ᠡᠯ᠎ᠡ ᠵᠦᠢᠯ ᠤᠨ ᠬᠤᠷᠠᠯ ᠤᠨ ᠬᠡᠯᠪᠡᠷᠢ ᠶᠢ ᠭᠦᠢᠴᠡᠳ ᠠᠰᠢᠭᠯᠠᠨ᠂ ᠨᠢᠭᠤᠴᠠ ᠶᠢ ᠬᠠᠮᠠᠭᠠᠯᠠᠬᠤ ᠠᠵᠢᠯ ᠢ ᠴᠢᠬᠤᠯᠠᠴᠢᠯᠠᠨ ᠪᠠᠶᠢᠷᠢᠯᠠᠭᠤᠯᠬᠤ ᠶᠢᠨ ᠬᠠᠮᠲᠤ ᠪᠠᠶᠢᠭᠤᠯᠭ᠎ᠠ ᠶᠢᠨ ᠪᠥᠬᠦ ᠠᠵᠢᠯᠲᠠᠳ ᠢ ᠵᠣᠬᠢᠶᠠᠨ ᠪᠠᠶᠢᠭᠤᠯᠤᠨ ᠨᠢᠭᠤᠴᠠ ᠶᠢ ᠬᠠᠮᠠᠭᠠᠯᠠᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠦᠯᠵᠦ᠂ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠮᠡᠳᠡᠭᠳᠡᠵᠦ ᠨᠢᠭᠤᠴᠠ ᠶᠢ ᠬᠠᠮᠠᠭᠠᠯᠠᠬᠤ ᠮᠡᠷᠭᠡᠵᠢᠯ ᠴᠢᠳᠠᠪᠤᠷᠢ ᠪᠠ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂  ᠨᠢᠭᠤᠴᠠ  ᠶᠢ  ᠬᠠᠮᠠᠭᠠᠯᠠᠬᠤ ᠠᠵᠢᠯ  ᠤᠨ ᠬᠠᠷᠢᠭᠤᠴᠠᠯᠭᠠᠲᠤ  ᠰᠡᠳᠬᠢᠯᠭᠡ  ᠶᠢ ᠨᠡᠮᠡᠭᠳᠡᠭᠦᠯᠪᠡ᠃      ᠬᠤᠶᠠᠷ᠂ ᠺᠣᠮᠫᠢᠦ᠋ᠲ᠋ᠧᠷ ᠤᠨ ᠠᠶᠤᠯ ᠦᠭᠡᠶ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠳᠠᠩᠰᠠ ᠡᠪᠬᠡᠮᠡᠯ ᠢ ᠲᠤᠰᠬᠠᠶ ᠬᠠᠮᠢᠶᠠᠷᠬᠤ ᠠᠵᠢᠯ ᠢ ᠰᠠᠶᠢᠲᠤᠷ ᠬᠢᠵᠦ᠂ ᠨᠢᠭᠤᠴᠠ ᠶᠢ ᠬᠠᠮᠠᠭᠠᠯᠠᠬᠤ ᠠᠵᠢᠯ ᠤᠨ ᠵᠢᠷᠤᠮᠵᠢᠯ ᠪᠣᠯᠤᠨ ᠱᠠᠭᠠᠷᠳᠠᠯᠭ᠎ᠠ ᠶᠣᠰᠣᠭᠠᠷ᠂ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠲᠤ ᠹᠢᠽᠢᠺ ᠤᠨ ᠲᠤᠰᠠᠭᠠᠷᠯᠠᠯ ᠢ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠸᠢᠷᠦ᠋ᠰ ᠢ ᠰᠡᠷᠭᠡᠶᠢᠯᠡᠬᠦ ᠵᠥᠭᠡᠯᠡᠨ ᠬᠡᠷᠡᠭᠰᠡᠯ ᠲᠣᠬᠢᠷᠠᠭᠤᠯᠬᠤ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠡᠳᠦᠷ ᠲᠤᠲᠤᠮ ᠤᠨ ᠬᠠᠮᠢᠶᠠᠷᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠢᠭᠤᠴᠠ ᠳᠤ ᠬᠤᠯᠪᠣᠭᠳᠠᠬᠤ ᠺᠣᠮᠫᠢᠦ᠋ᠲ᠋ᠧᠷ ᠢ ᠬᠠᠮᠠᠭᠠᠯᠠᠬᠤ᠂ ᠰᠡᠯᠪᠢᠨ ᠵᠠᠰᠠᠬᠤ ᠵᠡᠷᠭᠡ ᠠᠵᠢᠯ ᠢ ᠰᠢᠢᠳᠪᠦᠷᠢᠯᠡᠵᠦ᠂ ᠨᠢᠭᠤᠴᠠ ᠳᠤ ᠬᠤᠯᠪᠣᠭᠳᠠᠬᠤ ᠪᠤᠰᠤ ᠺᠣᠮᠫᠢᠦ᠋ᠲ᠋ᠧᠷ ᠢᠶᠠᠷ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠬᠠᠳᠠᠭᠠᠯᠠᠬᠤ᠂ ᠰᠢᠢᠳᠪᠦᠷᠢᠯᠡᠬᠦ ᠪᠠ ᠨᠢᠭᠤᠴᠠ ᠳᠤ ᠬᠤᠯᠪᠣᠭᠳᠠᠬᠤ ᠪᠤᠰᠤ ᠰᠢᠯᠵᠢᠮᠡᠯ ᠬᠠᠳᠠᠭᠠᠯᠠᠬᠤ ᠵᠠᠭᠤᠴᠢ ᠶᠢ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠨᠢᠭᠤᠴᠠ ᠳᠤ ᠬᠤᠯᠪᠣᠭᠳᠠᠬᠤ ᠦᠭᠡᠢ ᠺᠣᠮᠫᠢᠦ᠋ᠲ᠋ᠧᠷ ᠳᠡᠭᠡᠷ᠎ᠡ ᠨᠢᠭᠤᠴᠠ ᠳᠤ ᠥᠯᠥ ᠬᠤᠯᠪᠣᠭᠳᠠᠬᠤ ᠰᠢᠯᠵᠢᠮᠡᠯ ᠬᠠᠳᠠᠭᠠᠯᠠᠬᠤ ᠵᠠᠭᠤᠴᠢ ᠶᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠭᠦᠨ ᠠᠴᠠ ᠭᠠᠳᠠᠨ᠎ᠠ᠂ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠢ ᠬᠤᠷᠢᠶᠠᠨ ᠲᠠᠷᠬᠠᠭᠠᠬᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢ ᠲᠤᠰᠬᠠᠶ ᠬᠥᠮᠦᠨ ᠢᠶᠠᠷ ᠬᠠᠮᠢᠶᠠᠷᠤᠭᠤᠯᠵᠤ᠂ ᠲᠤᠰᠬᠠᠶ ᠯᠠᠩᠭᠦᠶ ᠳᠤ ᠬᠠᠳᠠᠭᠠᠯᠠᠵᠤ ᠪᠠᠶᠢᠨ᠎ᠠ᠃ ᠳᠠᠮᠵᠢᠭᠤᠯᠬᠤ ᠬᠡᠪᠴᠢᠶ᠎ᠡ ᠶᠢ ᠲᠣᠭᠲᠠᠭᠠᠬᠤ ᠳᠠᠭᠠᠨ᠂ ᠲᠤᠭ᠎ᠠ ᠪᠦᠷᠢᠳᠬᠡᠯ ᠤᠨ ᠮᠠᠲ᠋ᠧᠷᠢᠶᠠᠯ᠂ ᠲᠠᠩᠰᠠ ᠡᠪᠬᠡᠮᠡᠯ ᠤᠨ ᠮᠠᠲ᠋ᠧᠷᠢᠶᠠᠯ ᠢ ᠲᠤᠰᠬᠠᠶ ᠬᠠᠮᠢᠶᠠᠷᠬᠤ ᠲᠦᠷᠢᠮ ᠢ ᠬᠡᠷᠡᠭᠵᠢᠭᠦᠯᠵᠦ᠂ ᠨᠢᠭᠤᠴᠠ ᠳᠤ ᠬᠤᠯᠪᠣᠭᠳᠠᠬᠤ ᠴᠠᠭᠠᠰᠤᠨ ᠪᠢᠴᠢᠭ ᠮᠠᠲ᠋ᠧᠷᠢᠶᠠᠯ ᠵᠢᠴᠢ ᠡᠯᠧᠺᠳ᠋ᠷᠣᠨ ᠠᠯᠪᠠᠨ ᠪᠢᠴᠢᠭ ᠢ ᠲᠤᠭᠤᠷᠪᠢᠬᠤ᠂ ᠦᠢᠯᠡᠳᠬᠦ᠂ ᠲᠦᠭᠡᠭᠡᠨ ᠲᠠᠷᠬᠠᠭᠠᠬᠤ᠂ ᠳᠠᠮᠵᠢᠭᠤᠯᠬᠤ᠂ ᠬᠡᠷᠡᠭᠯᠡᠬᠦ᠂ ᠬᠠᠳᠠᠭᠠᠯᠠᠬᠤ ᠪᠠ ᠤᠰᠠᠳᠬᠠᠬᠤ ᠵᠡᠷᠭᠡ ᠬᠤᠯᠪᠣᠭᠳᠠᠯ ᠪᠥᠬᠦᠶ ᠨᠢᠭᠤᠴᠠ ᠶᠢ ᠬᠠᠮᠠᠭᠠᠯᠠᠬᠤ ᠲᠣᠭᠲᠠᠭᠠᠯ ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠳᠤᠷ᠎ᠠ ᠪᠠᠷ ᠢᠶᠠᠨ ᠬᠠᠶᠠᠬᠤ ᠵᠡᠷᠭᠡ ᠦᠵᠡᠭᠳᠡᠯ ᠢ ᠡᠷᠡᠰ ᠬᠤᠷᠢᠭᠯᠠᠨ᠎ᠠ᠃      ᠭᠤᠷᠪᠠ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠥᠷᠨᠢᠭᠦᠯᠵᠦ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠬᠤ ᠠᠵᠢᠯᠲᠠᠳ ᠲᠣᠭᠲᠠᠮᠠᠯ ᠬᠤᠭᠤᠴᠠᠭ᠎ᠠ ᠲᠠᠢ ᠪᠠᠷ ᠭᠠᠷ ᠤᠲᠠᠰᠤᠨ ᠤ ᠸᠢᠴᠠᠲ᠂ ᠪᠢᠴᠢᠯ ᠪᠦᠷᠭᠡ᠂ QQ ᠵᠡᠷᠭᠡ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠨᠢᠭᠤᠴᠠ ᠶᠢ ᠬᠠᠮᠠᠭᠠᠯᠠᠵᠤ ᠥᠪᠡᠰᠦᠪᠡᠨ ᠪᠠᠶᠢᠴᠠᠭᠠᠬᠤ᠂ ᠪᠠᠶᠢᠴᠠᠭᠠᠬᠤ᠂ ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠠᠯᠪᠠᠯᠠᠬᠤ ᠺᠣᠮᠫᠢᠦ᠋ᠲ᠋ᠧᠷ ᠤᠨ ᠰᠡᠷᠭᠡᠭ ᠮᠡᠳᠡᠭᠡ ᠵᠠᠩᠭᠢ ᠶᠢ ᠪᠠᠶᠢᠴᠠᠭᠠᠵᠤ ᠥᠪᠡᠰᠦᠪᠡᠨ ᠪᠠᠶᠢᠴᠠᠭᠠᠵᠤ᠂ ᠳᠠᠯᠳᠠ ᠬᠡᠮ ᠤᠨ ᠳᠤᠲᠠᠭᠳᠠᠯ ᠢ ᠴᠠᠭ ᠲᠤᠬᠠᠶ ᠳᠤᠨᠢ ᠠᠷᠢᠯᠭᠠᠨ᠎ᠠ︔ ᠮᠠᠨ ᠤ ᠪᠠᠯᠭᠠᠰᠤᠨ ᠤ ᠨᠢᠭᠤᠴᠠ ᠳᠤ ᠬᠤᠯᠪᠣᠭᠳᠠᠭᠰᠠᠨ ᠬᠥᠮᠦᠰ ᠢ ᠵᠣᠬᠢᠶᠠᠨ ᠪᠠᠶᠢᠭᠤᠯᠵᠤ ᠨᠢᠭᠤᠴᠠ ᠶᠢ ᠬᠠᠮᠠᠭᠠᠯᠠᠬᠤ ᠠᠮᠠᠯᠠᠯᠲᠠ ᠶᠢᠨ ᠪᠢᠴᠢᠭ ᠪᠠ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ ᠶᠢᠨ ᠬᠦᠰᠦᠨᠦᠭᠲᠦ ᠳᠤ ᠭᠠᠷ ᠤᠨ ᠥᠰᠥᠭ ᠵᠢᠷᠤᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃      ᠲᠠᠷᠠᠭᠠᠴᠢ ᠶᠢᠨ ᠠᠯᠬᠤᠮ ᠳᠤ᠂ ᠬᠦᠬᠤᠰᠣ ᠪᠠᠯᠭᠠᠰᠤ ᠣᠳᠣᠬᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠪᠠᠶᠢᠴᠠᠭᠠᠯᠲᠠ ᠬᠢᠵᠦ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠤᠨ ᠬᠠᠮᠢᠶᠠᠷᠤᠯᠲᠠ᠂ ᠺᠣᠮᠫᠢᠦ᠋ᠲ᠋ᠧᠷ ᠤᠨ ᠬᠡᠷᠡᠭᠯᠡᠯᠲᠡ᠂ ᠬᠤᠪᠢ ᠬᠥᠮᠦᠨ ᠤ ᠭᠠᠷ ᠤᠲᠠᠰᠤᠨ ᠤ ᠥᠪᠡᠷ ᠤᠨ ᠪᠠᠶᠢᠴᠠᠭᠠᠯᠲᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠵᠦ᠂ ᠡᠯ᠎ᠡ ᠵᠦᠶ᠋ᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号