ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠠᠵᠤ ᠦᠢᠯᠡᠰ ᠤᠨ ᠬᠦᠷᠢᠶᠡᠯᠡᠩ ᠤᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/20
      ᠣᠶᠢᠷ᠎ᠠ ᠳᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠢᠦ ᠶᠦᠩ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠡ ᠶᠢᠨ ᠬᠠᠷᠢᠭᠤᠴᠠᠯᠭᠠᠲᠠᠨ ᠢ ᠳᠠᠭᠠᠭᠤᠯᠤᠨ ᠬᠠᠶᠢᠨᠠᠨ ᠠᠵᠤ ᠦᠶ᠋ᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠬᠦᠷᠢᠶᠡᠯᠡᠩ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠬᠠᠮᠢᠶᠠᠷᠤᠯᠲᠠ ᠶᠢᠨ ᠠᠰᠠᠭᠤᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ ᠰᠣᠯᠢᠯᠴᠠᠨ ᠶᠠᠷᠢᠯᠴᠠᠵᠤ᠂ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠪᠠ᠃ ᠳᠡᠳ᠋ ᠲᠡᠷᠢᠭᠦᠯᠡᠭᠴᠢ ᠶᠢᠨ ᡁᠢ ᠶᠦᠩ ᠬᠠᠮᠲᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠨᠡᠷ 3 ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠪᠥᠬᠦ ᠶᠠᠪᠤᠴᠠ ᠳᠤ ᠰᠠᠭᠤᠵᠤ᠂ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠵᠠᠮ ᠱᠤᠭᠤᠮ ᠪᠠ ᠵᠣᠭᠰᠣᠬᠤ ᠥᠷᠲᠡᠭᠡ ᠴᠡᠭ ᠤᠨ ᠪᠠᠶᠢᠷᠢᠯᠠᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠠᠵᠤ ᠠᠬᠤᠶᠢᠯᠠᠯ ᠤᠨ ᠠᠵᠢᠯᠲᠠᠨ ᠠᠴᠠ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠶᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠪᠠ ᠴᠡᠭ ᠪᠠᠶᠢᠷᠢ ᠶᠢᠨ ᠲᠣᠬᠢᠷᠠᠭᠤᠯᠤᠯᠲᠠ᠂ ᠲᠡᠷᠭᠡ ᠬᠥᠳᠡᠯᠬᠦ ᠤᠳᠠᠭ᠎ᠠ᠂ ᠠᠵᠢᠯᠯᠠᠭᠠᠨ ᠤ ᠲᠣᠭᠲᠠᠴᠠ ᠵᠡᠷᠭᠡ ᠲᠠᠯ᠎ᠠ ᠶᠢᠨ ᠲᠣᠭᠤᠷᠢᠨ ᠳᠤ ᠣᠷᠣᠰᠢᠵᠤ ᠪᠠᠶᠢᠭ᠎ᠠ ᠠᠰᠠᠭᠤᠳᠠᠯ ᠢ ᠳᠤᠷᠠᠳᠤᠨ ᠭᠠᠷᠭᠠᠵᠤ᠂ ᠰᠢᠢᠳᠪᠦᠷᠢᠯᠡᠬᠦ ᠠᠷᠭ᠎ᠠ ᠶᠢ ᠵᠥᠪᠳᠡᠯᠴᠡᠨ ᠰᠢᠯᠢᠳᠡᠭᠵᠢᠭᠦᠯᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠦᠵᠡᠬᠦ ᠪᠠᠷ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠺᠣᠮᠫᠠᠨᠢ ᠨᠢ ᠭᠦᠢᠴᠡᠳ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠣᠨᠴᠠᠯᠢᠭ ᠪᠣᠯᠤᠨ ᠠᠵᠤ ᠠᠬᠤᠶᠢᠯᠠᠯ ᠤᠨ ᠠᠵᠢᠯᠲᠠᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠦᠷᠢᠶᠡᠯᠡᠩ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡᠨ ᠤ ᠰᠢᠨᠵᠢ ᠴᠢᠨᠠᠷ ᠪᠣᠯᠤᠨ ᠣᠨᠴᠠᠯᠢᠭ ᠢ ᠰᠢᠨᠵᠢᠯᠡᠬᠦ ᠤᠬᠠᠭᠠᠨᠴᠢ ᠪᠠᠷ ᠣᠷᠣᠨ ᠪᠠᠶᠢᠷᠢ ᠲᠣᠭᠲᠠᠭᠠᠵᠤ᠂ ᠠᠵᠢᠯᠯᠠᠭᠠᠨ ᠤ ᠵᠠᠮ ᠱᠤᠭᠤᠮ ᠪᠣᠯᠤᠨ ᠵᠣᠭᠰᠣᠬᠤ ᠴᠡᠭ ᠢ ᠵᠦᠶ ᠵᠣᠬᠢᠰᠲᠠᠶ ᠪᠠᠶᠢᠷᠢᠯᠠᠭᠤᠯᠵᠤ᠂ ᠲᠡᠷᠭᠡ ᠬᠥᠳᠡᠯᠬᠦ ᠤᠳᠠᠭ᠎ᠠ ᠪᠣᠯᠤᠨ ᠴᠠᠭ ᠬᠤᠭᠤᠴᠠᠭ᠎ᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ︽ᠦᠨᠳᠦᠰᠦᠨ ᠵᠠᠮ ᠬᠠᠷᠢᠯᠴᠠᠭᠠᠨ ᠤ ᠠᠵᠢᠯ ᠳᠤ ᠭᠠᠷᠬᠤ ᠦᠢᠯᠡᠴᠢᠯᠡᠭᠡ︾ ᠶᠢᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠵᠦ᠂ ᠣᠯᠠᠨ ᠲᠠᠯ᠎ᠠ ᠪᠠᠷ ᠬᠠᠮᠲᠤᠪᠠᠷ ᠪᠠᠶᠢᠭᠤᠯᠬᠤ ᠬᠡᠯᠪᠡᠷᠢ ᠪᠠᠷ ᠳᠠᠮᠵᠢᠭᠤᠯᠤᠨ᠂ ᠣᠳᠣᠬᠠᠨ ᠳᠤ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠰᠢᠶ᠋ᠳᠪᠦᠷᠢᠯᠡᠵᠦ᠂ ᠠᠵᠤ ᠠᠬᠤᠶᠢᠯᠠᠯ ᠤᠨ ᠠᠵᠢᠯᠲᠠᠨ ᠤ ᠵᠠᠮ ᠬᠠᠷᠢᠯᠴᠠᠭᠠᠨ ᠤ ᠶᠠᠪᠤᠵᠤ ᠰᠠᠭᠤᠬᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号