ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/20
      ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠬᠢᠨᠠᠯᠲᠠ ᠲᠠᠯᠪᠢᠬᠤ ᠠᠵᠢᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠣᠰᠣᠭᠠᠷ᠂ 6 ᠰᠠᠷ᠎ᠠ ᠶᠢᠨ 18 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠣᠣ ᠬᠠᠶ ᠪᠢᠨ ᠳᠡᠳ᠋ ᠡᠷᠬᠢᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠥᠰᠦᠪ ᠤᠨ ᠠᠵᠢᠯ ᠤᠨ ᠵᠥᠪᠯᠡᠯ ᠤᠨ ᠬᠡᠰᠡᠭ ᠭᠡᠰᠢᠭᠦᠨ ᠢᠶᠠᠷ ᠪᠦᠷᠢᠯᠳᠦᠬᠦᠨ ᠪᠣᠯᠭᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠪᠦᠷᠢᠯᠳᠦᠭᠦᠯᠵᠦ᠂ ᠮᠠᠨ ᠤ ᠲᠤᠭᠤᠷᠢᠭ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠷᠦᠩ ᠰᠢᠨ ᠡᠨᠧᠷᠭᠢ ᠶᠢᠨ ᠺᠣᠮᠫᠠᠨᠢ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠪᠣᠯᠤᠨ ᠬᠦᠵᠤᠪᠴᠢᠨ ᠭᠤᠣᠯ᠂ ᠸᠠᠨ ᠶᠤᠸᠠᠨ ᠤᠰᠤᠨ ᠤ ᠨᠦᠬᠡ ᠶᠢ ᠴᠡᠭᠴᠡᠯᠡᠨ ᠵᠠᠰᠠᠬᠤ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠪᠣᠯᠤᠨ ᠠᠮᠢ ᠠᠬᠤᠢ ᠶᠢ ᠵᠠᠰᠠᠨ ᠰᠡᠷᠭᠦᠭᠡᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠤᠨ ᠲᠤᠬᠠᠢ ᠶᠠᠷᠢᠯᠴᠠᠨ ᠰᠣᠯᠢᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠯ ᠤᠯᠤᠰ ᠲᠥᠷᠥ ᠶᠢᠨ ᠡᠭᠦᠷᠭᠡ ᠪᠣᠯᠬᠤ ᠪᠠᠷ ᠪᠠᠷᠠᠬᠤ ᠥᠬᠡᠶ᠂ ᠨᠠᠩ ᠴᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠦᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ᠂ ᠨᠠᠷᠢᠯᠢᠭ ᠣᠨᠣᠴᠠᠲᠠᠶ ᠪᠠᠷ ᠵᠠᠰᠠᠬᠤ ᠰᠡᠳᠬᠢᠴᠡ ᠶᠣᠰᠣᠭᠠᠷ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠪᠣᠳᠠᠲᠠᠶ ᠨᠠᠷᠢᠯᠢᠭ ᠬᠢᠵᠦ᠂ ᠴᠢᠩᠭ᠎ᠠ ᠪᠣᠳᠠᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠣᠷᠣᠨ ᠬᠤᠪᠢᠶᠠᠨ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠦᠲᠦᠮᠵᠢᠲᠡᠢ ᠰᠡᠷᠭᠦᠭᠡᠨ ᠵᠠᠰᠠᠬᠤ ᠶᠢ ᠪᠡᠶᠡᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠷᠢᠶ᠎ᠠ ᠣᠷᠣᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠨᠠᠭᠰᠢᠳᠠ ᠲᠣᠳᠣᠷᠬᠠᠶᠢᠯᠠᠵᠤ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠶᠠᠰᠤ ᠴᠢᠨᠠᠷ ᠦᠷ᠎ᠡ ᠪᠦᠲᠦᠮᠵᠢ ᠶᠢ ᠤᠯᠬᠤ ᠪᠠᠷ ᠴᠢᠷᠮᠠᠶᠢᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠦᠢ ᠵᠣᠬᠢᠰᠲᠠᠢ ᠲᠣᠭᠲᠠᠭᠠᠯ ᠳᠤ ᠨᠡᠶᠢᠴᠡᠬᠦ᠂ ᠬᠦᠴᠦᠲᠡᠢ ᠡᠮᠬᠢ ᠵᠢᠷᠤᠮ ᠲᠠᠢ ᠥᠷᠨᠢᠬᠦ ᠶᠢ ᠠᠬᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠤᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号