ᠪᠠᠶ ᠴᠦᠨ ᠯᠸᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠬᠡᠤᠷᠰᠢᠭᠦᠯᠬᠦ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/20
      6 ᠰᠠᠷ᠎ᠠ ᠶᠢᠨ 19 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠬᠡᠤᠷᠰᠢᠭᠦᠯᠬᠦ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠱᠤᠸᠠᠩ ᠬᠠᠶ ᠤᠰᠤᠲᠥ᠋ᠷᠥᠭᠴᠢ ᠶᠢ ᠦᠶ᠋ᠯᠡᠳᠬᠦ ᠨᠢᠭᠡ ᠴᠣᠭᠴᠠᠵᠢᠭᠰᠠᠨ ᠥᠷᠲᠡᠭᠡ ᠶᠢᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠬᠤᠩ ᠶᠠᠩ ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠪᠣᠯᠤᠨ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ ᠵᠢᠯ ᠳᠤ 360 ᠲᠦᠮᠡᠨ ᠲᠣᠨ ᠬᠡᠤᠷᠰᠢᠭᠦᠯᠬᠦ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠰᠠᠨ ᠮᠧᠶ ᠣᠯᠠᠨ ᠤᠯᠤᠰ ᠤᠨ ᠠᠭᠤᠷᠬᠠᠶ ᠶᠢᠨ ᠦᠶ᠋ᠯᠡᠰ ᠤᠨ ᠬᠢᠵᠠᠭᠠᠷᠲᠤ ᠺᠣᠮᠫᠠᠨᠢ ᠶᠢᠨ ᠲᠣᠭᠲᠠᠮᠠᠯ ᠪᠤᠰᠤ ᠢᠯᠴᠢ ᠶᠢᠨ ᠵᠤᠤᠬ᠎ᠠ ᠶᠢᠨ 26 ᠲᠦᠮᠡᠨ ᠲᠣᠨ / ᠵᠢᠯ ᠤᠨ ᠣᠨᠴᠠ ᠲᠥᠷᠥᠯ ᠤᠨ ᠬᠠᠶᠢᠯᠤᠰᠢ ᠶᠢᠨ ᠲᠥᠷᠥᠯ ᠵᠦᠶ᠋ᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠠᠶ ᠳᠤ ᠠᠯᠪᠠᠯᠠᠵᠤ  ᠬᠤᠯᠣᠪᠭᠳᠠᠯ ᠪᠥᠬᠦᠶ ᠠᠰᠠᠭᠤᠳᠠᠯ ᠢ ᠰᠢᠶ᠋ᠳᠪᠦᠷᠢᠯᠡᠪᠡ᠃ ᠲᠡᠷᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠦᠢᠯᠡᠴᠢᠯᠡᠭᠴᠢ︾ ᠶᠢᠨ ᠤᠬᠠᠮᠰᠠᠷ ᠢᠶᠠᠨ ᠴᠢᠩᠭᠠᠳᠬᠠᠵᠤ᠂ ᠵᠠᠩᠭᠢᠯᠠᠭ᠎ᠠ ᠶᠢᠨ ᠭᠤᠤᠯᠳᠠᠯᠭ᠎ᠠ ᠶᠢ ᠴᠢᠩᠭ᠎ᠠ ᠠᠳᠬᠤᠨ᠂ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠪᠠᠷ ᠴᠢᠷᠮᠠᠶᠢᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠬᠢᠨ ᠢᠨᠵᠧᠨᠧᠷᠢᠩ ᠤᠨ ᠶᠠᠰᠤ ᠴᠢᠨᠠᠷ ᠪᠣᠯᠤᠨ ᠠᠶᠤᠯᠭᠦᠢ ᠦᠢᠯᠡᠳᠪᠦᠷᠢᠯᠡᠯ ᠢ ᠪᠠᠲᠤᠯᠠᠭᠰᠠᠨ ᠤᠷᠢᠲᠠᠯ ᠳᠣᠣᠷ᠎ᠠ᠂ ᠲᠣᠭᠲᠠᠭᠰᠠᠨ ᠬᠠᠷᠠᠯᠲᠠ ᠪᠣᠯᠤᠨ ᠴᠠᠭ ᠤᠨ ᠳᠠᠷᠠᠭᠠᠯᠠᠯ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠦᠴᠦᠨ ᠢᠶᠠᠨ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠬᠤ ᠶᠢ ᠪᠠᠲᠤᠯᠠᠵᠤ᠂ ᠦᠷ᠎ᠡ ᠠᠰᠢᠭ ᠢᠶᠠᠨ ᠡᠷᠲᠡᠬᠡᠨ ᠪᠠᠳᠠᠷᠠᠭᠤᠯᠵᠤ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠡᠤᠷᠰᠢᠭᠦᠯᠬᠦ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠷ᠎ᠠ ᠮᠡᠷᠭᠡᠰᠢᠯ᠂ ᠮᠡᠷᠭᠡᠵᠢᠯ᠂ ᠲᠣᠨᠣᠭᠯᠠᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠷᠭᠦᠯᠵᠢᠯᠡᠬᠦ ᠬᠥᠭᠵᠢᠯᠲᠡ ᠳᠤ ᠰᠠᠭᠤᠷᠢ ᠲᠠᠯᠪᠢᠵᠤ᠂ ᠣᠷᠴᠢᠨ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号