ᠬᠦᠬᠤᠰᠣ ᠪᠠᠯᠭᠠᠰᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/6/21
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠦᠬᠤᠰᠤ ᠪᠠᠯᠭᠠᠰᠤᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠪᠠ᠃      ︽ᠪᠠᠢᠷᠢᠯᠠᠭᠤᠯᠤᠯᠲᠠ ᠶᠢᠨ ᠫᠠᠢᠰᠠ︾ ᠶᠢ ᠰᠠᠢᠲᠤᠷ ᠬᠢᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠢᠲᠤᠷ ᠬᠢᠶ᠎ᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠪᠠᠯᠭᠠᠰᠤᠨ ᠤ ᠨᠠᠮ ᠤᠨ ᠬᠤᠷᠢᠶ᠎ᠠ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠪᠠ᠃ ᠪᠥᠬᠦ ᠪᠠᠯᠭᠠᠰᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠰᠤᠷᠤᠯᠴᠠᠬᠤ ᠲᠥᠯᠥᠪᠯᠡᠭᠡ ᠶᠢᠨ ᠬᠦᠰᠦᠨᠦᠭᠲᠦ ᠶᠢ ᠨᠠᠷᠢᠨ ᠨᠢᠮᠪᠠᠶ ᠲᠣᠭᠲᠠᠭᠠᠵᠤ᠂ ᠪᠥᠬᠦ ᠪᠠᠯᠭᠠᠰᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠪᠠ᠃      ︽ᠰᠤᠷᠤᠯᠴᠠᠯᠭ᠎ᠠ ᠶᠢᠨ ᠫᠠᠢᠰᠠ︾ ᠶᠢ ᠰᠠᠢᠲᠤᠷ ᠬᠢᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠠᠢ ᠶᠢ ᠠᠬᠢᠭᠤᠯᠤᠶ᠎ᠠ᠃ ᠨᠠᠮ ᠤᠨ ᠬᠤᠷᠢᠶᠠᠨ ᠤ ᠬᠤᠷᠠᠯ᠂ ᠨᠠᠮ ᠤᠨ ᠰᠠᠬᠢᠯᠭ᠎ᠠ ᠪᠠᠲᠤ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠬᠤ ᠪᠠᠷ ᠳᠠᠮᠵᠢᠭᠤᠯᠵᠤ᠂ ᠬᠤᠷᠠᠯ ᠳᠤ ᠣᠷᠣᠯᠴᠠᠭᠰᠠᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠣᠷᠣᠭᠰᠠᠨ ᠰᠠᠨᠠᠯ᠂ ᠤᠬᠠᠭᠠᠷᠠᠭᠰᠠᠨ ᠲᠦᠷᠦᠭᠳᠡᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠬᠤᠪᠢ ᠬᠥᠮᠦᠨ ᠥᠪᠡᠷ ᠢᠶᠠᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠲᠣᠭᠤᠷᠢᠨ ᠳᠤ ᠲᠡᠷᠡ ᠬᠡᠪ ᠢᠶᠠᠷ ᠨᠢ ᠰᠤᠷᠤᠯᠴᠠᠵᠤ᠂ ᠦᠭᠡ ᠥᠭᠦᠯᠡᠪᠦᠷᠢ ᠳᠠᠷᠠᠭᠠᠯᠠᠨ ᠰᠤᠷᠤᠯᠴᠠᠵᠤ᠂ ᠬᠠᠷᠢᠴᠠᠭᠤᠯᠤᠨ ᠬᠠᠷᠢᠯᠴᠠᠵᠤ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠤᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠪᠡ᠃ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠦᠯᠵᠦ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠴᠢᠩᠭᠠᠳᠬᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃      ︽ᠪᠦᠬᠦ ᠲᠠᠯ᠎ᠠ ᠶᠢᠨ ᠫᠠᠢᠰᠠ︾ ᠶᠢ ᠰᠠᠢᠲᠤᠷ ᠬᠢᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠠᠢ ᠶᠢ ᠠᠬᠢᠭᠤᠯᠤᠶ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠪᠦᠬᠦᠨ ᠢ ᠬᠠᠮᠤᠷᠬᠤ︾᠂ ︽ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠷᠨᠢᠭᠦᠯᠵᠦ ᠪᠠᠶᠢᠭ᠎ᠠ ᠡᠬᠢᠨ ᠤ ᠪᠠᠯᠭᠠᠰᠤᠨ ᠤ ᠤᠳᠤᠷᠢᠳᠤᠯᠭ᠎ᠠ ᠡᠯ᠎ᠡ ᠨᠡᠶᠢᠭᠡᠮ ᠲᠣᠭᠤᠷᠢᠭ ᠢ ᠳᠠᠷᠦ᠋ᠢᠬᠠᠨ ᠵᠢᠯᠣᠭᠤᠳᠴᠤ ᠪᠠᠶᠢᠭᠠᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠡᠷᠭᠡᠪᠡᠷ ᠥᠷᠨᠢᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠲᠣᠬᠢᠷᠠᠭᠤᠯᠤᠯᠲᠠ ᠶᠢ ᠲᠥᠯᠥᠪᠵᠢᠭᠦᠯᠵᠦ᠂ ᠰᠤᠷᠤᠯᠴᠠᠬᠤ ᠲᠥᠯᠥᠪᠯᠡᠭᠡ ᠲᠣᠭᠲᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠵᠤ᠂ ᠪᠥᠬᠦ ᠠᠵᠢᠯᠲᠠᠨ ᠣᠷᠣᠯᠴᠠᠭᠰᠠᠨ᠂ ᠬᠥᠮᠦᠨ ᠪᠦᠬᠦᠨ ᠰᠠᠬᠢᠯᠭ᠎ᠠ ᠪᠠᠲᠤ ᠶᠢ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠡᠯ᠎ᠡ ᠨᠡᠶᠢᠭᠡᠮ ᠲᠣᠭᠤᠷᠢᠭ ᠤᠨ ᠨᠠᠮ ᠤᠨ ᠡᠭᠦᠷ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾᠂ ︽ᠺᠤᠳ᠋ ᠰᠤᠷᠭᠠᠭᠤᠯᠢ ᠳᠤ ᠰᠤᠷᠤᠯᠴᠠᠬᠤ︾ ᠵᠡᠷᠭᠡ ᠠᠷᠭ᠎ᠠ ᠮᠠᠶ᠋ᠢᠭ ᠢᠶᠠᠷ ᠣᠨᠣᠯ ᠤᠨ ᠰᠤᠷᠤᠯᠴᠠᠯᠭ᠎ᠠ ᠶᠢ ᠥᠷᠨᠢᠭᠦᠯᠵᠦ᠂ ᠨᠡᠭᠦᠳᠡᠯ ᠨᠠᠮ ᠤᠨ ᠭᠡᠰᠢᠭᠦᠨ᠂ ᠭᠠᠳᠠᠭᠰᠢ ᠭᠠᠷᠤᠭᠰᠠᠨ ᠨᠠᠮ ᠤᠨ ᠭᠡᠰᠢᠭᠦᠨ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠨᠠᠮ ᠤᠨ ᠭᠡᠰᠢᠭᠦᠨ ᠤ ᠰᠤᠷᠤᠯᠴᠠᠯᠭ᠎ᠠ ᠶᠢ ᠡᠩᠨᠡᠭᠡ ᠠᠴᠠ ᠪᠠᠨ ᠬᠤᠴᠣᠷᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠡᠭᠦᠨ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠴᠡ ᠶᠢ ᠤᠷᠲᠤᠳᠬᠠᠵᠤ᠂ ᠰᠤᠷᠤᠯᠴᠠᠯᠭ᠎ᠠ ᠬᠥᠮᠦᠵᠢᠯ ᠤᠨ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠭᠦᠬᠤᠰᠤ ᠪᠠᠯᠭᠠᠰᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠪᠣᠳᠠᠲᠠᠢ ᠴᠢᠨᠠᠷ ᠰᠠᠶᠢᠲᠠᠢ ᠰᠠᠶᠢᠲᠤᠷ ᠠᠳᠬᠤᠬᠤ ᠶᠢ ᠦᠷᠭᠦᠯᠵᠢᠯᠡᠨ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠢᠳᠡᠪᠬᠢᠲᠡᠢ ᠬᠡᠷᠡᠭᠯᠡᠵᠦ᠂ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠢ ᠡᠷᠡᠰ ᠪᠠᠲᠤ ᠨᠢᠭᠡᠳᠬᠡᠵᠦ᠂ ᠠᠵᠢᠯᠯᠠᠬᠤ ᠡᠷᠴᠢ ᠵᠣᠷᠢᠭ ᠢᠶᠠᠨ ᠨᠡᠮᠡᠭᠳᠡᠭᠦᠯᠵᠦ᠂ ᠠᠵᠢᠯᠯᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号