ᠬᠠᠶᠢᠨᠠᠨ ᠲᠣᠭᠤᠷᠢᠭ ᠭᠤᠷᠪᠠᠨ ᠲᠤᠰᠬᠠᠶ ᠠᠵᠢᠯ ᠳᠤ ᠠᠩᠬᠠᠷᠤᠯ ᠢᠶᠠᠨ ᠲᠥᠪᠯᠡᠷᠡᠭᠦᠯᠪᠡ
ᠨᠡᠶᠢᠲᠡᠯᠡᠭᠰᠡᠨ ᠴᠠᠭ᠄
2024/6/21
      ᠬᠠᠶᠢᠨᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ ᠤᠨ ᠦᠬᠠᠶ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ︽ᠭᠤᠷᠪᠠᠨ ᠲᠤᠰᠬᠠᠶ ᠠᠵᠢᠯ︾ ᠢ ᠨᠡᠪᠲᠡᠷᠡᠭᠦᠯᠦᠨ ᠬᠤᠯᠪᠣᠭᠠᠯᠠᠨ ᠬᠥᠳᠡᠯᠦᠯᠴᠡᠬᠦ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠶᠢ ᠢᠳᠡᠪᠬᠢᠲᠡᠶ ᠰᠦᠪᠡᠭᠴᠢᠯᠡᠵᠦ᠂ ︽ᠭᠤᠷᠪᠠᠨ ᠵᠦᠶ᠋ᠯ ᠤᠨ ᠲᠣᠭᠲᠠᠴᠠ︾᠂ ︽ᠭᠤᠷᠪᠠᠨ ᠨᠠᠷᠢᠨ ᠲᠠᠩᠰᠠ︾᠂ ︽ᠭᠤᠷᠪᠠ ᠶᠢ ᠳᠡᠭᠡᠭᠰᠢᠯᠡᠭᠦᠯᠬᠦ︾ ᠪᠠᠷ ︽ᠭᠤᠷᠪᠠᠨ ᠲᠤᠰᠬᠠᠶ ᠠᠵᠢᠯ︾ ᠢ ᠠᠬᠢᠭᠤᠯᠵᠤ ᠦᠷ᠎ᠡ ᠪᠦᠲᠦᠮᠵᠢ ᠤᠯᠪᠠ᠃      ︽ᠭᠤᠷᠪᠠᠨ ᠵᠦᠢᠯ ᠤᠨ ᠲᠣᠭᠲᠠᠴᠠ︾ ᠪᠠᠷ ᠭᠠᠷᠳᠠᠴᠠ ᠪᠣᠯᠭᠠᠨ ᠠᠵᠢᠯ ᠢ ᠨᠡᠪᠲᠡᠷᠡᠭᠦᠯᠦᠨ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ      ᠬᠠᠶᠢᠨᠠᠨ ᠲᠣᠭᠤᠷᠢᠭ ᠨᠢ ︽ᠭᠤᠷᠪᠠᠨ ᠲᠤᠰᠬᠠᠶ ᠠᠵᠢᠯ︾ ᠢ ᠨᠢᠭᠡ ᠴᠣᠭᠴᠠᠵᠢᠭᠤᠯᠤᠨ ᠠᠬᠢᠭᠤᠯᠬᠤ ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠣᠭᠤᠷᠢᠭ ᠤᠨ ᠨᠠᠮ ᠤᠨ ᠬᠤᠷᠢᠶ᠎ᠠ ᠲᠡᠷᠡ ᠳᠠᠷᠤᠶ ᠳᠤᠨᠢ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ︽ᠭᠤᠷᠪᠠᠨ ᠲᠤᠰᠬᠠᠶ ᠠᠵᠢᠯ︾ ᠢ ᠨᠢᠭᠡ ᠴᠣᠭᠴᠠᠵᠢᠭᠤᠯᠤᠨ ᠠᠬᠢᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ︽ᠨᠢᠭᠡᠳᠬᠡᠬᠦ︾ ᠳᠠᠪᠠᠭᠤᠯᠢᠭ ᠢᠶᠠᠨ ᠪᠠᠳᠠᠷᠠᠭᠤᠯᠵᠤ᠂ ︽ᠭᠤᠷᠪᠠᠨ ᠲᠤᠰᠬᠠᠶ ᠠᠵᠢᠯ︾ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠠᠬᠢᠭᠤᠯᠵᠤ᠂ ᠳᠡᠭᠡᠳᠦ ᠳᠣᠣᠷᠠᠳᠤ ᠱᠠᠲᠤ ᠨᠢᠭᠡᠳᠦᠯᠲᠡᠶ᠂ ᠪᠦᠬᠦᠯᠢ ᠴᠣᠭᠴᠠ ᠶᠢᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠪᠣᠶ ᠪᠣᠯᠭᠠᠪᠠ᠃ ᠰᠠᠨᠠᠭᠤᠯᠤᠮᠵᠢ ᠰᠠᠨᠠᠭᠤᠯᠬᠤ ᠲᠣᠭᠲᠠᠴᠠ᠃ ︽ᠭᠤᠷᠪᠠᠨ ᠲᠤᠰᠬᠠᠢ ᠠᠵᠢᠯ︾ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠲᠣᠭᠤᠷᠢᠭ ︽ᠭᠤᠷᠪᠠᠨ ᠲᠤᠰᠬᠠᠢ ᠠᠵᠢᠯ︾ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠵᠢᠯ ᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 8 ᠰᠠᠨᠠᠭᠤᠯᠤᠮᠵᠢ ᠥᠭᠴᠦ᠂ ᠰᠠᠷ᠎ᠠ ᠶᠢᠨ ᠡᠬᠢ ᠪᠠᠷ ᠰᠤᠷᠤᠯᠴᠠᠬᠤ ᠲᠥᠯᠥᠪᠯᠡᠭᠡ ᠲᠣᠬᠢᠷᠠᠭᠤᠯᠵᠤ᠂ ᠰᠠᠷ᠎ᠠ ᠶᠢᠨ ᠳᠤᠮᠳᠠᠴᠢ ᠪᠠᠷ ᠠᠵᠢᠯ ᠢᠶᠠᠨ ᠰᠠᠶᠢᠲᠤᠷ ᠬᠢᠵᠦ᠂ ᠰᠠᠷ᠎ᠠ ᠶᠢᠨ ᠰᠡᠭᠦᠯᠴᠢ ᠳᠤ ᠴᠠᠭ ᠲᠤᠬᠠᠢ ᠳᠤᠨᠢ ᠳᠠᠭᠠᠵᠤ ᠬᠢᠨᠠᠨ ᠵᠢᠯᠣᠭᠤᠳᠬᠤ ᠭᠤᠷᠪᠠᠨ ᠠᠯᠬᠤᠮ ᠳᠠᠷᠠᠭ᠎ᠠ ᠪᠠᠷ ᠡᠯ᠎ᠡ ᠨᠢᠭᠡᠴᠡ ᠳᠤ ᠨᠠᠷᠢᠯᠢᠭ ᠵᠢᠯᠣᠭᠤᠳᠤᠯᠭ᠎ᠠ ᠬᠢᠵᠦ᠂ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠮᠡᠳᠡᠭᠦᠯᠦᠨ ᠬᠦᠷᠭᠡᠵᠦ ᠬᠠᠷᠢᠭᠤ ᠲᠤᠰᠬᠠᠬᠤ ᠲᠣᠭᠲᠠᠴᠠ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ︽ᠲᠥᠯᠥᠭᠡᠯᠡᠭᠴᠢ ᠭᠡᠰᠢᠭᠦᠳ ᠤᠨ ᠰᠠᠨᠠᠯ ᠵᠥᠪᠯᠡᠯᠭᠡ ᠳᠤᠷᠠᠳᠴᠤ ᠰᠢᠭᠤᠳ ᠲᠡᠷᠭᠡ ᠨᠡᠪᠲᠡᠷᠡᠭᠦᠯᠬᠦ︾ ᠶᠢ ᠰᠠᠶᠢᠲᠤᠷ ᠬᠡᠷᠡᠭᠯᠡᠨ ᠦᠨᠳᠦᠰᠦᠨ ᠱᠠᠲᠤᠨ ᠤ ᠺᠠᠳ᠋ᠷ᠂ ᠣᠯᠠᠨ ᠲᠦᠮᠡᠨ ᠤ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠪᠠ ᠠᠰᠠᠭᠤᠳᠠᠯ ᠤᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠪᠠ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠣᠭᠲᠠᠴᠠ ᠶᠢ ᠶᠡᠷᠦᠩᠬᠡᠶᠢᠯᠡᠨ ᠬᠡᠷᠡᠭᠯᠡᠵᠦ᠂ ︽ᠭᠤᠷᠪᠠᠨ ᠲᠤᠰᠬᠠᠶ ᠠᠵᠢᠯ︾ ᠳᠤ ᠬᠤᠯᠪᠣᠭᠳᠠᠭᠰᠠᠨ ᠰᠠᠨᠠᠯ ᠰᠠᠨᠠᠭᠤᠯᠭ᠎ᠠ ᠪᠠ ᠠᠰᠠᠭᠤᠳᠠᠯ ᠢ ᠴᠠᠭ ᠲᠤᠬᠠᠶ ᠳᠤᠨᠢ ᠡᠮᠬᠢᠯᠡᠨ ᠳᠢᠭᠯᠡᠵᠦ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠬᠠᠷᠢᠭᠤ ᠲᠤᠰᠬᠠᠬᠤ᠂ ᠠᠰᠠᠭᠤᠳᠠᠯ ᠢ ᠰᠢᠢᠳᠪᠦᠷᠢᠯᠡᠬᠦ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠨ᠎ᠠ᠃ ᠪᠠᠶᠢᠴᠠᠭᠠᠨ ᠰᠤᠳᠤᠯᠵᠤ ᠵᠢᠯᠣᠭᠤᠳᠬᠤ ᠲᠣᠭᠲᠠᠴᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠳᠡᠳ᠋ ᠱᠦᠵᠢ ᠲᠦᠷᠦᠭᠦᠯᠡᠨ ︽ᠭᠤᠷᠪᠠᠨ ᠲᠤᠰᠬᠠᠢ ᠠᠵᠢᠯ︾ ᠢ ᠠᠬᠢᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠠᠶᠢᠩᠭᠤ ᠶᠢᠨ ᠬᠤᠷᠢᠶ᠎ᠠ᠂ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠠᠬᠢᠭᠤᠯᠬᠤ ᠬᠤᠷᠠᠯ ᠠᠴᠠ ᠲᠣᠭᠲᠠᠮᠠᠯ ᠬᠤᠭᠤᠴᠠᠭ᠎ᠠ ᠲᠠᠢ ᠪᠠᠷ 4 ᠤᠳᠠᠭ᠎ᠠ ᠪᠠᠶᠢᠷᠢᠯᠠᠭᠤᠯᠤᠨ ᠠᠬᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ 7 ᠤᠳᠠᠭ᠎ᠠ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠠᠵᠢᠯ ᠢ ᠠᠬᠢᠭᠤᠯᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠵᠠᠳᠠᠯᠤᠨ ᠰᠤᠳᠤᠯᠵᠤ ᠮᠠᠭᠠᠳᠯᠠᠵᠤ᠂ ︽ᠭᠤᠷᠪᠠᠨ ᠲᠤᠰᠬᠠᠢ ᠠᠵᠢᠯ︾ ᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠥᠮᠦᠨ ᠪᠠ ᠬᠡᠷᠡᠭ ᠶᠠᠪᠤᠳᠠᠯ ᠢ ᠮᠡᠳᠡᠭᠳᠡᠵᠦ ᠪᠠᠶᠢᠴᠠᠭᠠᠨ ᠰᠤᠳᠤᠯᠵᠤ ᠢᠯᠡᠷᠡᠭᠦᠯᠬᠦ ᠨᠡᠶᠢᠲᠡᠯᠢᠭ ᠴᠢᠨᠠᠷᠲᠠᠢ 16 ᠠᠰᠠᠭᠤᠳᠠᠯ ᠢ ᠢᠯᠡᠷᠡᠭᠦᠯᠵᠦ᠂ ︽ᠭᠤᠷᠪᠠᠨ ᠲᠤᠰᠬᠠᠢ ᠠᠵᠢᠯ︾ ᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠲᠤᠭᠤᠷᠢᠭ ︽ᠭᠤᠷᠪᠠᠨ ᠲᠤᠰᠬᠠᠶ ᠠᠵᠢᠯ︾ ᠢ ᠨᠢᠭᠡ ᠴᠣᠭᠴᠠᠵᠢᠭᠤᠯᠤᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ 5 ᠪᠠᠶᠢᠴᠠᠭᠠᠨ ᠰᠤᠳᠤᠯᠬᠤ ᠳᠤᠭᠤᠶᠢᠯᠠᠩ ᠲᠣᠮᠢᠯᠠᠵᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠨ ᠣᠶᠢᠯᠠᠭᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠲᠤᠭᠤᠷᠢᠭ ᠤᠨ ᠡᠯ᠎ᠡ ᠬᠦᠷᠢᠶᠡᠨ ᠤ 39 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠲᠤᠰᠬᠠᠶ ᠠᠵᠢᠯ︾ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠴᠡᠭᠴᠡᠯᠡᠨ ᠰᠠᠶᠢᠵᠢᠷᠠᠭᠤᠯᠵᠤ ᠰᠢᠪᠠᠳᠠᠨ ᠰᠢᠢᠳᠪᠦᠷᠢᠯᠡᠭᠦᠯᠬᠦ ᠮᠡᠳᠡᠭᠳᠡᠯ ᠤᠨ ᠪᠢᠴᠢᠭ 39 ᠬᠤᠪᠢ ᠪᠠᠭᠤᠯᠭᠠᠵᠤ᠂ ᠡᠯ᠎ᠡ ᠲᠥᠷᠥᠯ ᠤᠨ ᠠᠰᠠᠭᠤᠳᠠᠯ ᠢ 143 ᠢᠯᠡᠷᠡᠭᠦᠯᠵᠦ᠂ ︽ᠭᠤᠷᠪᠠᠨ ᠲᠤᠰᠬᠠᠶ ᠠᠵᠢᠯ︾ ᠢ ᠬᠡᠯᠪᠡᠷᠢ ᠶᠢᠨ ᠲᠡᠳᠦᠶ ᠪᠠᠶᠢᠯᠭᠠᠬᠤ᠂ ᠥᠩᠭᠡᠨ ᠲᠠᠯ᠎ᠠ ᠠᠴᠠ ᠨᠢ ᠬᠥᠪᠬᠦ᠂ ᠶᠠᠩᠵᠤ ᠬᠡᠯᠪᠡᠷᠢ ᠪᠠᠨ ᠬᠤᠪᠢᠷᠠᠭᠤᠯᠤᠨ ᠭᠦᠶᠦᠬᠦ ᠶᠢ ᠡᠷᠡᠰ ᠰᠡᠷᠭᠡᠶᠢᠯᠡᠪᠡ᠃      ︽ᠭᠤᠷᠪᠠᠨ ᠨᠠᠷᠢᠨ ᠳᠠᠩᠰᠠ︾ ᠪᠠᠷ ᠭᠤᠣᠯᠳᠠᠯᠭ᠎ᠠ ᠪᠣᠯᠭᠠᠨ ᠡᠭᠦᠷᠭᠡ ᠶᠢ ᠨᠡᠪᠲᠡᠷᠡᠭᠦᠯᠦᠨ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠬᠤ      ᠬᠠᠶᠢᠨᠠᠨ ᠲᠣᠭᠤᠷᠢᠭ ᠤᠨ ᠬᠢᠨ ︽ᠭᠤᠷᠪᠠᠨ ᠨᠠᠷᠢᠨ ᠲᠠᠩᠰᠠ︾ ᠶᠢ ᠪᠠᠶᠢᠭᠤᠯᠬᠤ ᠪᠠᠷ ᠳᠠᠮᠵᠢᠭᠤᠯᠤᠨ᠂ ᠬᠥᠮᠦᠵᠢᠯ ᠪᠣᠯᠪᠠᠰᠤᠷᠠᠭᠤᠯᠤᠯ᠂ ᠦᠷ᠎ᠡ ᠪᠦᠲᠦᠮᠵᠢ ᠶᠢ ᠮᠥᠷᠳᠡᠨ ᠠᠰᠠᠭᠤᠬᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠲᠦᠷᠢᠮ ᠲᠣᠭᠲᠠᠴᠠ ᠶᠢ ᠲᠥᠷᠥᠯ ᠬᠤᠪᠢᠶᠠᠨ ᠲᠡᠭᠦᠯᠳᠡᠷᠵᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠠᠰᠠᠭᠤᠳᠠᠯ ᠢ ᠵᠠᠳᠠᠯᠤᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ᠰᠤᠷᠤᠯᠴᠠᠯᠭ᠎ᠠ ᠶᠢᠨ ᠨᠠᠷᠢᠨ ᠳᠠᠩᠰᠠ ᠪᠠᠶᠢᠭᠤᠯᠪᠠ᠃ ︽ᠭᠤᠷᠪᠠᠨ ᠲᠤᠰᠬᠠᠶ ᠠᠵᠢᠯ︾ ᠳᠤ ᠲᠣᠳᠣᠷᠬᠠᠶ ᠳᠤᠷᠠᠳᠤᠭᠰᠠᠨ ᠰᠤᠷᠤᠯᠴᠠᠬᠤ ᠱᠠᠭᠠᠷᠳᠠᠯᠭ᠎ᠠ ᠪᠠ ᠠᠭᠤᠯᠭ᠎ᠠ ᠶᠢ ᠲᠥᠪᠯᠡᠷᠡᠭᠦᠯᠦᠨ ᠲᠣᠭᠲᠠᠭᠠᠵᠤ᠂ ᠣᠨᠣᠯ ᠰᠤᠷᠤᠯᠴᠠᠬᠤ ᠭᠤᠤᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ ᠤᠨ ᠰᠤᠷᠤᠯᠴᠠᠬᠤ ᠲᠥᠯᠥᠪᠯᠡᠭᠡ 9 ᠵᠦᠢᠯ ᠢ ᠲᠥᠪᠯᠡᠷᠡᠭᠦᠯᠦᠨ ᠲᠣᠭᠲᠠᠭᠠᠵᠤ᠂ ᠲᠣᠭᠲᠠᠭᠠᠭᠰᠠᠨ ᠰᠤᠷᠤᠯᠴᠠᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠡᠭᠦᠷᠭᠡ ᠶᠢᠨ ᠨᠠᠷᠢᠨ ᠬᠠᠭᠤᠳᠠᠰᠤ ᠶᠢ ᠪᠠᠶᠢᠭᠤᠯᠤᠨ᠎ᠠ᠃ ︽ᠭᠤᠷᠪᠠᠨ ᠲᠤᠰᠬᠠᠢ ᠠᠵᠢᠯ︾ ᠤᠨ ᠡᠯ᠎ᠡ ᠵᠦᠢᠯ ᠤᠨ ᠭᠤᠣᠯᠳᠠᠯᠭ᠎ᠠ ᠲᠠᠢ 60 ᠵᠦᠢᠯ ᠢ ᠡᠮᠬᠢᠯᠡᠵᠦ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ᠂ ᠮᠥᠷᠳᠡᠯᠲᠡ ᠶᠢᠨ ᠬᠡᠯᠪᠡᠷᠢ ᠪᠠᠷ ᠠᠬᠢᠭᠤᠯᠬᠤ᠂ ᠳ᠋ᠤᠭᠠᠷ ᠢ ᠬᠠᠰᠤᠬᠤ ᠬᠡᠯᠪᠡᠷᠢ ᠪᠠᠷ ᠨᠠᠶᠢᠳᠠᠪᠤᠷᠢᠵᠢᠭᠤᠯᠬᠤ ᠶᠢ ᠬᠡᠷᠡᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠠᠰᠠᠭᠤᠳᠠᠯ ᠤᠨ ᠨᠠᠷᠢᠨ ᠳᠠᠩᠰᠠ ᠪᠠᠶᠢᠭᠤᠯᠪᠠ᠃ ᠰᠤᠷᠤᠯᠴᠠᠬᠤ ᠶᠢᠨ ᠳᠠᠭᠠᠤ ᠪᠠᠶᠢᠴᠠᠭᠠᠬᠤ ᠶᠢᠨ ᠳᠠᠭᠠᠤ᠂ ᠥᠭᠡᠷᠡᠴᠢᠯᠡᠬᠦ ᠶᠢ ᠪᠠᠷᠢᠮᠲᠠᠯᠠᠵᠤ᠂ ︽ᠭᠤᠷᠪᠠᠨ ᠲᠤᠰᠬᠠᠢ ᠠᠵᠢᠯ︾ ᠤᠨ ᠳᠤᠮᠳᠠ ᠣᠷᠣᠰᠢᠵᠤ ᠪᠠᠶᠢᠭ᠎ᠠ 36 ᠠᠰᠠᠭᠤᠳᠠᠯ ᠢ ᠭᠦᠨᠵᠡᠭᠡᠢ ᠡᠷᠢᠵᠦ᠂ ᠴᠡᠭᠴᠡᠯᠡᠨ ᠰᠠᠶᠢᠵᠢᠷᠠᠭᠤᠯᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠱᠠᠯᠠᠪᠳᠠᠭᠤᠯᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃      ︽ᠭᠤᠷᠪᠠ ᠶᠢ ᠳᠡᠭᠡᠭᠰᠢᠯᠡᠭᠦᠯᠬᠦ︾ ᠪᠠᠷ ᠤᠳᠤᠷᠢᠳᠤᠮᠵᠢ ᠪᠣᠯᠭᠠᠵᠤ ᠦᠷ᠎ᠡ ᠪᠦᠲᠦᠮᠵᠢ ᠶᠢ ᠨᠡᠪᠲᠡᠷᠡᠭᠦᠯᠦᠨ ᠬᠤᠪᠢᠷᠠᠭᠤᠯᠬᠤ ᠳᠤ ᠬᠦᠴᠦ ᠲᠠᠯᠪᠢᠬᠤ      ᠬᠠᠶᠢᠨᠠᠨ ᠲᠣᠭᠤᠷᠢᠭ ᠤᠨ ᠬᠢᠨ ᠦᠨᠡᠨ ᠬᠦ ᠠᠳᠬᠤᠵᠤ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠭᠤᠷᠪᠠᠨ ᠲᠤᠰᠬᠠᠢ ᠠᠵᠢᠯ︾ ᠢ ᠨᠢᠭᠲᠠ ᠤᠶᠠᠯᠳᠤᠭᠤᠯᠵᠤ᠂ ᠠᠭᠤᠰᠤᠯᠴᠠᠭᠤᠯᠤᠨ ᠥᠷᠨᠢᠭᠦᠯᠵᠦ᠂ ︽1 +1 +1 >︾ 3 ᠶᠢᠨ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠪᠡ᠃ ᠨᠠᠮ ᠤᠨ ᠭᠡᠰᠢᠭᠦᠳ ᠤᠨ ᠰᠡᠷᠡᠯᠲᠡ ᠶᠢᠨ ᠪᠦᠷᠭᠦᠴᠡ ᠶᠢ ᠳᠡᠭᠡᠭᠰᠢᠯᠡᠭᠦᠯᠬᠦ ᠬᠡᠷᠡᠭᠲᠡᠢ᠃ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ︽ᠠᠮᠢᠳᠤ ᠵᠢᠭᠠᠬᠤ ᠮᠠᠲ᠋ᠧᠷᠢᠶᠠᠯ︾ ᠢ ᠰᠠᠶᠢᠲᠤᠷ ᠬᠡᠷᠡᠭᠯᠡᠵᠦ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠨ ᠢᠶᠠᠨ ᠬᠥᠮᠦᠵᠢᠭᠦᠯᠬᠦ ᠶᠢ ᠴᠢᠬᠤᠯᠠᠴᠢᠯᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠣᠶᠢᠷ᠎ᠠ ᠬᠠᠪᠢ ᠳᠤᠨᠢ ᠲᠥᠬᠦᠮ ᠦᠵᠡᠭᠦᠯᠬᠦ ᠵᠠᠷᠴᠢᠮ ᠶᠣᠰᠣᠭᠠᠷ 24 ᠲᠠᠯᠠᠪᠤᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠭᠤᠯᠵᠤ᠂ ᠲᠤᠯᠤᠭᠠᠨ ᠰᠠᠷ᠎ᠠ ᠶᠢᠨ ᠨᠢᠭᠡᠨ ᠤ ᠰᠢᠷᠢᠰ ᠠᠵᠢᠯᠯᠠᠭ᠎ᠠ ᠲᠠᠢ ᠤᠶᠠᠯᠳᠤᠭᠤᠯᠤᠨ ᠪᠥᠬᠦ ᠲᠤᠭᠤᠷᠢᠭ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠬᠤᠲᠠ ᠲᠣᠭᠤᠷᠢᠭ ᠬᠤᠶᠠᠷ ᠱᠠᠲᠤᠨ ᠤ ᠨᠠᠮᠴᠢ ᠴᠢᠨᠠᠷ ᠪᠠ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ 58 ᠤᠳᠠᠭ᠎ᠠ ᠲᠣᠭᠤᠷᠢᠨ ᠦᠵᠡᠭᠦᠯᠵᠦ᠂ ᠡᠯ᠎ᠡ ᠨᠢᠭᠡᠴᠡ ᠶᠢ ᠬᠥᠲᠥᠯᠦᠨ ᠵᠢᠯᠣᠭᠤᠳᠴᠤ ᠪᠠᠶᠢᠭᠠᠳ ᠬᠡᠷᠡᠭ ᠤᠨ ᠳᠤᠮᠳᠠ ᠲᠤᠰᠬᠠᠭᠰᠠᠨ ᠲᠣᠪᠤᠶᠢᠮ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ ᠴᠡᠭ ᠢ ᠭᠦᠨᠵᠡᠭᠡᠶ ᠵᠠᠳᠠᠯᠤᠨ ᠰᠢᠨᠵᠢᠯᠡᠭᠦᠯᠵᠦ᠂ ᠰᠡᠳᠬᠢᠯ ᠤᠨ ᠦᠭᠡ ᠪᠠᠨ ᠶᠠᠷᠢᠯᠴᠠᠬᠤ᠂ ᠰᠡᠷᠡᠮᠵᠢᠯᠡᠭᠦᠯᠬᠦ ᠬᠥᠮᠦᠵᠢᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠡᠷᠢᠬᠦ ᠵᠡᠷᠭᠡ ᠠᠵᠢᠯ ᠢ ᠰᠠᠶᠢᠲᠤᠷ ᠥᠷᠨᠢᠭᠦᠯᠵᠦ᠂ ᠰᠡᠷᠭᠡᠶᠢᠯᠡᠬᠦ ᠠᠵᠢᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠦᠵᠡᠯ ᠰᠠᠨᠠᠭ᠎ᠠ ᠣᠪᠣᠷ ᠰᠤᠷᠲᠠᠯ ᠤᠨ ᠲᠠᠯ᠎ᠠ ᠪᠠᠷ ᠦᠨᠡᠨ ᠬᠦ ᠴᠢᠩᠳᠠᠯᠠᠵᠤ᠂ ᠪᠣᠳᠠᠲᠠᠶᠢᠵᠢᠭᠤᠯᠬᠤ ᠬᠡᠷᠡᠭᠲᠡᠶ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷ ᠡᠭᠦᠯᠬᠦ ᠶᠢᠨ ᠵᠥᠪᠱᠢᠶᠡᠷᠡᠬᠦ ᠬᠡᠮᠵᠢᠶ᠎ᠡ ᠶᠢ ᠳᠡᠭᠡᠭᠱᠢᠯᠡᠭᠦᠯᠦᠨ᠎ᠡ᠃ ᠦᠨᠳᠦᠰᠦᠨ ᠱᠠᠲᠤᠨ ᠤ ᠲᠤᠰᠬᠠᠯ ᠴᠢᠩᠭ᠎ᠠ ᠪᠠᠶᠢᠭ᠎ᠠ ︽ᠪᠢᠴᠢᠭ ᠮᠠᠲ᠋ᠧᠷᠢᠶᠠᠯ ᠣᠯᠠᠨ᠂ ᠬᠤᠷᠠᠯ ᠣᠯᠠᠨ᠂ ᠰᠢᠯᠭᠠᠨ ᠬᠢᠨᠠᠬᠤ ᠨᠢ ᠠᠷᠪᠢᠨ᠂ ︿ᠣᠷᠣ ᠦᠯᠡᠳᠡᠭᠡᠬᠦ﹀ ᠠᠷᠪᠢᠨ᠂ ᠮᠡᠳᠡᠭᠦᠯᠬᠦ ᠬᠦᠰᠦᠨᠦᠭᠲᠦ ᠠᠷᠪᠢᠨ ᠦᠯᠡᠳᠡᠭᠡᠬᠦ︾ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠴᠢᠭ ᠮᠠᠲ᠋ᠧᠷᠢᠶᠠᠯ ᠶᠠᠪᠤᠭᠤᠯᠬᠤ ᠳᠡᠰ ᠳᠠᠷᠠᠭᠠᠯᠠᠯ ᠠᠴᠠ ᠭᠠᠳᠠᠨ᠎ᠠ᠂ ᠲᠣᠭᠤᠷᠢᠭ ᠤᠨ ᠨᠠᠮ ᠤᠨ ᠬᠤᠷᠢᠶ᠎ᠠ ︵ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶᠂ ᠵᠠᠰᠠᠭ ᠤᠨ ᠣᠷᠳᠣᠨ ︵ᠵᠠᠰᠠᠭ ᠤᠨ ᠣᠷᠳᠣᠨ ᠤ ᠠᠯᠪᠠᠨ ᠭᠡᠷ︶ ᠤ ᠨᠡᠷ᠎ᠡ ᠪᠠᠷ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠨᠢᠳᠤᠨᠤᠨ ᠤ ᠬᠢ ᠠᠴᠠ ᠳᠤᠮᠳᠠᠴᠢ ᠪᠠᠷ 28.4% ᠪᠠᠷ ᠪᠠᠭᠠᠰᠪᠠ︔ ᠲᠤᠭ᠎ᠠ ᠬᠡᠮᠵᠢᠶ᠎ᠡ ᠶᠢ ᠪᠠᠭᠠᠰᠬᠠᠬᠤ᠂ ᠠᠵᠢᠯᠲᠠᠨ ᠢ ᠪᠠᠭᠠᠰᠬᠠᠬᠤ᠂ ᠵᠥᠪᠯᠡᠬᠦ ᠵᠦᠢᠯ ᠢ ᠪᠠᠭᠠᠰᠬᠠᠬᠤ᠂ ᠴᠠᠭ ᠢ ᠪᠠᠭᠠᠰᠬᠠᠬᠤ᠂ ᠪᠥᠬᠦ ᠲᠣᠭᠤᠷᠢᠭ ᠤᠨ ᠴᠢᠨᠠᠷᠲᠠᠢ ᠬᠤᠷᠠᠯ ᠤᠨ ᠲᠤᠭ᠎ᠠ ᠬᠡᠮᠵᠢᠶ᠎ᠡ ᠶᠢ ᠭᠤᠷᠪᠠᠨ ᠵᠢᠯ ᠳᠤ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠬᠤ ᠶᠢ ᠪᠡᠶᠡᠯᠡᠭᠦᠯᠪᠡ︔ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠲᠥᠷᠥᠯ ᠵᠦᠢᠯ ᠤᠨ ᠤᠳᠠᠭ᠎ᠠ᠂ ᠠᠷᠭ᠎ᠠ ᠬᠡᠯᠪᠡᠷᠢ ᠠᠷᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠯᠭᠠᠰᠤ ︵ᠵᠡᠭᠡᠯᠢ ᠭᠤᠳᠤᠮᠵᠢ︶ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ 23.7% ᠪᠠᠷ ᠪᠠᠭᠠᠰᠬᠠᠪᠠ︔ ᠭᠡᠷᠡᠴᠢ ᠭᠠᠷᠭᠠᠬᠤ᠂ ᠮᠡᠳᠡᠭᠦᠯᠬᠦ ᠬᠦᠰᠦᠨᠦᠭᠲᠦ ᠶᠢᠨ ᠡᠬᠡ ᠲᠠᠩᠰᠠ᠂ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠵᠡᠷᠭᠡ ᠠᠵᠢᠯ ᠢ ᠪᠦᠬᠦᠨ ᠢ 50% ᠣᠷᠴᠢᠮ ᠢᠶᠠᠷ ᠴᠣᠮᠬᠠᠳᠬᠠᠪᠠ︔ ᠠᠷᠠᠳ ᠲᠦᠮᠡᠨ ᠳᠤ ᠦᠢᠯᠡᠴᠢᠯᠡᠬᠦ ᠭᠤᠣᠯ ᠬᠠᠷᠢᠭᠤᠴᠠᠯᠭ᠎ᠠ ᠭᠤᠣᠯ ᠠᠵᠢᠯ ᠢ ᠦᠨᠡᠨᠬᠦ ᠲᠥᠪᠯᠡᠷᠡᠭᠦᠯᠪᠡ᠃ ᠣᠯᠠᠨ ᠲᠦᠮᠡᠨ ᠤ ᠠᠩᠬᠠᠷᠴᠤ ᠪᠠᠶᠢᠭ᠎ᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠨᠠᠯᠲᠠ ᠲᠠᠯᠪᠢᠬᠤ ︽ᠲᠣᠮᠣᠷᠠᠭᠤᠯᠬᠤ ᠲᠣᠯᠢ︾ ᠶᠢ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠪᠣᠯᠤᠨ ᠮᠠᠨ ᠤ ᠲᠣᠭᠤᠷᠢᠭ ᠤᠨ ᠲᠣᠭᠲᠠᠭᠠᠭᠰᠠᠨ ᠬᠠᠮᠲᠤ ᠶᠢᠨ ︽ᠭᠤᠷᠪᠠᠨ ᠪᠠᠯᠠ︾ ᠶᠢᠨ ᠬᠠᠮᠢᠶᠠᠷᠤᠯᠲᠠ᠂ ᠢᠯᠴᠢ ᠬᠠᠩᠭᠠᠬᠤ ᠪᠠᠲᠤᠯᠠᠭ᠎ᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠡᠮᠴᠢᠯᠡᠭᠡᠨ ᠤ ᠬᠦᠷᠢᠶ᠎ᠡ ᠬᠡᠪᠴᠢᠶ᠎ᠡ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 80 ᠠᠰᠠᠭᠤᠳᠠᠯ ᠢ ᠢᠯᠡᠷᠡᠭᠦᠯᠵᠦ᠂ 39 ᠶᠢ ᠨᠢ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠥᠷᠢ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠳᠤᠯᠠᠭᠠᠴᠠᠯ ᠤᠨ ᠢᠨᠵᠧᠨᠧᠷᠢᠩ ᠤᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠰᠠᠭᠤᠳᠠᠯ᠂ ᠣᠯᠠᠨ ᠲᠦᠮᠡᠨ ᠤ ᠣᠷᠣᠨ ᠰᠠᠭᠤᠴᠠ ᠳᠤ ᠣᠷᠣᠵᠤ ᠰᠠᠭᠤᠬᠤ ᠳᠤ ᠬᠦᠴᠢᠷ᠂ ᠦᠨᠡᠮᠯᠡᠯ ᠠᠪᠬᠤ ᠳᠤ ᠬᠦᠴᠢᠷ᠂ ᠡᠭᠡᠭᠦᠯᠦᠨ ᠨᠡᠭᠦᠯᠭᠡᠬᠦ ᠳᠤ ᠬᠦᠴᠢᠷ ᠵᠡᠷᠭᠡ 5 ᠲᠠᠯ᠎ᠠ ᠶᠢᠨ ᠪᠣᠳᠠᠲᠠᠶ ᠠᠰᠠᠭᠤᠳᠠᠯ ᠢ ᠴᠢᠩᠭ᠎ᠠ ᠠᠩᠬᠠᠷᠴᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠰᠢᠪᠠᠳᠠᠨ ᠥᠷᠨᠢᠭᠦᠯᠵᠦ᠂ 15 ᠠᠰᠠᠭᠤᠳᠠᠯ ᠢ ᠢᠯᠡᠷᠡᠭᠦᠯᠵᠦ᠂ 12 ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠣᠯᠠᠨ ᠲᠦᠮᠡᠨ ᠢ ᠦᠨᠡᠨ ᠬᠦ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠳᠤᠮᠳᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号