ᠪᠠᠶᠠᠨᠲᠤᠬᠤᠢ ᠪᠠᠯᠭᠠᠰᠤ 2024 ᠣᠨ ᠤ 14 ᠳ᠋ᠤᠭᠡᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/24
      6 ᠰᠠᠷ᠎ᠠ ᠶᠢᠨ 20 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠪᠠᠶᠠᠨᠲᠤᠬᠤᠢ ᠪᠠᠯᠭᠠᠰᠤᠨ ᠤ 2024 ᠣᠨ ᠤ 14 ᠳ᠋ᠤᠭᠡᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠵᠠᠯᠠᠭᠤᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠤᠳᠠ ᠪᠠᠯᠭᠠᠰᠤᠨ ᠤ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠳᠤ ᠣᠷᠣᠯᠴᠠᠬᠤ ᠶᠢ ᠵᠣᠷᠢᠭᠵᠢᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠲᠠᠷᠢᠶᠠᠯᠠᠬᠤ ᠣᠷᠣᠨ ᠤ ᠤᠯᠠᠨ ᠲᠦᠮᠡᠨ ᠳᠤ ᠠᠵᠢᠯ ᠤᠨ ᠪᠠᠶᠢᠷᠢ ᠬᠠᠩᠭᠠᠵᠤ᠂ ᠳᠤᠮᠳᠠ ᠳᠣᠣᠷ᠎ᠠ ᠣᠷᠣᠯᠭ᠎ᠠ ᠲᠠᠢ ᠬᠥᠮᠦᠰ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠨᠡᠶᠢᠭᠡᠮ ᠤᠨ ᠪᠠᠲᠤᠯᠠᠪᠤᠷᠢ ᠶᠢᠨ ᠲᠣᠣᠷ ᠢ ᠨᠢᠭᠲᠠ ᠰᠦᠯᠵᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠤᠰᠤᠨ ᠳᠤ ᠡᠪᠳᠡᠭᠳᠡᠭᠰᠡᠨ ᠪᠠᠴᠢᠮ ᠪᠠᠶᠢᠳᠠᠯ ᠢ ᠠᠷᠭᠠᠴᠠᠨ ᠵᠠᠪᠳᠤᠨ ᠵᠠᠰᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠴᠠᠭ ᠠᠭᠤᠷ ᠤᠨ ᠵᠠᠩᠭᠢᠯᠠᠭ᠎ᠠ ᠶᠢᠨ ᠴᠡᠭ ᠢ ᠭᠦᠢᠴᠡᠳ ᠠᠰᠢᠭᠯᠠᠨ᠂ ᠵᠠᠮ᠂ ᠭᠤᠤᠯ ᠰᠤᠪᠠᠭ᠂ ᠨᠠᠯᠠᠤ ᠭᠠᠵᠠᠷ ᠢ ᠬᠠᠮᠠᠭᠠᠯᠠᠨ ᠵᠢᠭᠰᠠᠭᠠᠨ ᠪᠠᠶᠢᠴᠠᠭᠠᠵᠤ ᠱᠠᠯᠠᠪᠳᠠᠨ ᠵᠠᠰᠠᠵᠤ᠂ ᠭᠤᠤᠯ ᠤᠨ ᠵᠠᠮ᠂ ᠤᠰᠤ ᠥᠩᠭᠡᠷᠡᠬᠦ ᠵᠠᠮ ᠤᠨ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠨ᠂ ︽ᠲᠤᠯᠤᠭᠠᠨ ᠰᠠᠷ᠎ᠠ ᠶᠢᠨ ᠰᠡᠭᠦᠯᠴᠢ ᠨᠠᠶ᠋ᠮᠠᠨ ᠠᠴᠠ ᠳᠡᠭᠡᠭᠰᠢ︾ ᠪᠣᠷᠣᠭᠠᠨ ᠤ ᠬᠤᠭᠤᠴᠠᠭ᠎ᠠ ᠶᠢ ᠢᠳᠡᠪᠬᠢᠲᠡᠶ ᠠᠷᠭᠠᠴᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠣᠯᠤᠨ ᠭᠠᠵᠠᠷ ᠰᠢᠷᠣᠢ ᠶᠢ ᠨᠡᠶᠢᠳᠬᠡᠬᠦ ᠵᠢᠴᠢ ᠰᠢᠯᠵᠢᠭᠦᠯᠬᠦ ᠠᠷᠭ᠎ᠠ ᠶᠢ ᠰᠤᠳᠤᠯᠤᠨ ᠶᠠᠷᠢᠯᠴᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠱᠠᠳᠤ ᠦᠶ᠎ᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠭᠦᠯᠵᠦ᠂ ᠪᠦᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠤᠷᠢᠳᠠᠪᠠᠷ ᠪᠡᠶᠡᠯᠡᠭᠦᠯᠵᠦ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠶᠠᠨᠲᠤᠬᠤᠢ ᠪᠠᠯᠭᠠᠰᠤᠨ ᠤ 2024 ᠣᠨ ᠤ ︽ᠳᠡᠷᠭᠡᠳᠡᠬᠢ ᠰᠠᠶᠢᠨ ᠬᠥᠮᠦᠨ︾᠂ ︽ᠬᠡᠪ ᠵᠠᠩᠰᠢᠯ ᠢ ᠥᠭᠡᠷᠡᠴᠢᠯᠡᠬᠦ ᠵᠢᠱᠢᠶ᠎ᠡ ᠦᠵᠡᠭᠦᠯᠬᠦ ᠡᠷᠦᠬᠡ︾ ᠶᠢ ᠰᠢᠯᠭᠠᠷᠠᠭᠤᠯᠬᠤ ᠶᠠᠪᠤᠳᠠᠯ ᠢ ᠰᠤᠳᠤᠯᠵᠤ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠲᠡᠷᠢᠭᠦᠨ ᠤ ᠬᠤᠪᠢ ᠬᠥᠮᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠣᠯᠭᠠᠵᠤ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠳᠦᠷᠰᠦ ᠪᠠᠶᠢᠳᠠᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号