ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠠᠵᠠᠷ ᠵᠦᠶ ᠶᠢᠨ ᠬᠢᠴᠢᠶᠡᠯ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠬᠢᠴᠢᠶᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2024/6/24
     6 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠠᠵᠠᠷ ᠵᠦᠶ ᠶᠢᠨ ᠬᠢᠴᠢᠶᠡᠯ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠬᠢᠴᠢᠶᠡᠯ ᠤᠨ ᠦᠵᠡᠭᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠭᠠᠵᠠᠷ ᠵᠦᠶ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃
     ᠡᠩ ᠲᠡᠷᠢᠭᠦᠨ ᠳᠤ᠂ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠨᠠᠷ ᠥᠪᠡᠷ ᠤᠨ ᠭᠦᠨ ᠵᠤᠵᠠᠭᠠᠨ ᠲᠤᠰᠬᠠᠶ ᠮᠡᠷᠭᠡᠵᠢᠯ ᠤᠨ ᠮᠡᠳᠡᠯᠭᠡ ᠪᠠ ᠥᠪᠡᠷᠮᠢᠴᠡ ᠵᠢᠭᠠᠨ ᠰᠤᠷᠭᠠᠯᠲᠠ ᠶᠢᠨ ᠬᠡᠪ ᠨᠠᠮᠪᠠ ᠪᠠᠷ ᠢᠶᠠᠨ ᠪᠠᠭᠰᠢ ᠰᠤᠷᠤᠭᠴᠢᠳ ᠲᠤ ︽ᠠᠽᠢᠶ᠎ᠠ ᠲᠢᠪ ᠤᠨ ᠲᠠᠷᠢᠶᠠᠨ ᠭᠠᠵᠠᠷ︾ ᠤᠨ ᠠᠮᠢᠳᠤᠯᠢᠭ ᠪᠥᠭᠡᠳ ᠰᠣᠨᠢᠷᠬᠠᠯᠲᠠᠶ ᠵᠢᠱᠢᠶ᠎ᠡ ᠦᠵᠡᠭᠦᠯᠬᠦ ᠬᠢᠴᠢᠶᠡᠯ ᠠᠪᠴᠢᠷᠠᠵᠤ ᠥᠭᠴᠡᠶ᠃ ᠴᠠᠩ ᠪᠠᠭᠰᠢ ᠶᠠᠭᠤᠨ ᠤ ᠡᠮᠦᠨ᠎ᠡ ᠵᠢᠷᠤᠭ ᠦᠰᠦᠭ ᠢ ᠤᠶᠠᠯᠳᠤᠭᠤᠯᠬᠤ ᠠᠷᠭ᠎ᠠ ᠪᠠᠷ ᠳᠠᠮᠵᠢᠨ᠂ ᠠᠽᠢᠶ᠎ᠠ ᠲᠢᠪ ᠤᠨ ᠲᠠᠷᠢᠶᠠᠨ ᠭᠠᠵᠠᠷ ᠤᠨ ᠲᠠᠷᠬᠠᠯᠲᠠ ᠪᠠᠷ ᠡᠰᠢ ᠲᠠᠲᠠᠵᠤ᠂ ᠭᠠᠵᠠᠷ ᠤᠨ ᠵᠢᠷᠤᠭ ᠪᠣᠯᠣᠨ ᠮᠠᠲ᠋ᠧᠷᠢᠶᠠᠯ ᠢ ᠠᠰᠢᠭᠯᠠᠨ᠂ ᠰᠤᠷᠤᠭᠴᠢᠳ ᠢ ᠠᠽᠢᠶ᠎ᠠ ᠲᠢᠪ ᠤᠨ ᠪᠠᠶᠢᠭᠠᠯᠢ ᠶᠢᠨ ᠣᠷᠴᠢᠨ ᠲᠣᠭᠤᠷᠢᠨ ᠪᠣᠯᠣᠨ ᠣᠷᠴᠢᠨ ᠲᠣᠭᠤᠷᠢᠨ ᠤ ᠴᠢᠬᠤᠯᠠ ᠡᠯᠧᠮᠧᠨᠲ ᠤᠨ ᠬᠠᠷᠢᠯᠴᠠᠨ ᠨᠦᠯᠦᠭᠡᠯᠡᠵᠦ ᠣᠳᠣᠬᠢ ᠪᠠᠶᠢᠳᠠᠯ ᠳᠤ ᠭᠦᠨᠵᠡᠭᠡᠶ ᠲᠠᠨᠢᠯᠲᠠ ᠲᠠᠢ ᠪᠣᠯᠭᠠᠵᠠᠶ᠃      ᠳᠠᠷᠠᠭ᠎ᠠ ᠨᠢ᠂ ᠴᠠᠩ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠠᠽᠢᠶ᠎ᠠ ᠲᠢᠪ ᠤᠨ ᠪᠠᠶᠢᠭᠠᠯᠢ ᠶᠢᠨ ᠣᠷᠴᠢᠨ ᠲᠣᠭᠤᠷᠢᠨ ᠤ ᠠᠽᠢᠶ᠎ᠠ ᠲᠢᠪ ᠤᠨ ᠲᠠᠷᠢᠶᠠᠨ ᠭᠠᠵᠠᠷ ᠤᠨ ᠲᠠᠷᠬᠠᠯᠲᠠ ᠳᠤ ᠦᠵᠡᠭᠦᠯᠬᠦ ᠨᠥᠯᠥᠭᠡ ᠶᠢ ᠭᠦᠨᠵᠡᠭᠡᠶ ᠰᠤᠳᠤᠯᠤᠨ ᠶᠠᠷᠢᠯᠴᠠᠪᠠ᠃ ᠲᠡᠷᠡ ᠬᠡᠷᠡᠭ ᠤᠨ ᠵᠢᠱᠢᠶ᠎ᠡ ᠶᠢ ᠵᠠᠳᠠᠯᠬᠤ ᠪᠠ ᠳᠤᠭᠤᠶᠢᠯᠠᠩ ᠤᠨ ᠶᠠᠷᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠰᠡᠳᠬᠢᠨ ᠪᠣᠳᠣᠯᠬᠢᠯᠠᠬᠤ ᠪᠠ ᠶᠠᠷᠢᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠰᠤᠷᠤᠭᠴᠢᠳ ᠢᠳᠡᠪᠬᠢᠲᠡᠶ ᠣᠷᠣᠯᠴᠠᠵᠤ᠂ ᠥᠪᠡᠷ ᠥᠪᠡᠷ ᠤᠨ ᠦᠵᠡᠯᠲᠡ ᠪᠠ ᠰᠠᠨᠠᠭᠤᠯᠭ᠎ᠠ ᠪᠠᠨ ᠵᠠᠯᠭᠠᠭ᠎ᠠ ᠪᠠᠷ ᠨᠡᠶᠢᠲᠡᠯᠡᠵᠦ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠮᠠᠰᠢ ᠬᠥᠭᠵᠢᠶᠡᠨᠲᠡᠶ ᠪᠠᠶᠢᠯ᠎ᠠ᠃
     ᠲᠣᠰ ᠤᠳᠠᠭᠠᠨ ᠤ ᠵᠢᠱᠢᠶ᠎ᠡ ᠦᠵᠡᠭᠦᠯᠬᠦ ᠬᠢᠴᠢᠶᠡᠯ ᠤᠨ ᠦᠵᠡᠭᠦᠯᠭᠡ ᠶᠢᠨ ᠠᠵᠢᠯᠯᠠᠭ᠎ᠠ ᠨᠢ ᠪᠠᠭᠰᠢ ᠰᠤᠷᠤᠭᠴᠢᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ᠃ ᠣᠯᠠᠨ ᠢᠶᠠᠷ ᠢᠶᠠᠨ᠂ ᠴᠠᠩ ᠪᠠᠭᠰᠢ ᠶᠢᠨ ᠬᠢᠴᠢᠶᠡᠯ ᠤᠨ ᠠᠭᠤᠯᠭ᠎ᠠ ᠪᠠᠶᠠᠯᠢᠭ᠂ ᠬᠡᠯᠪᠡᠷᠢ ᠰᠢᠨ᠎ᠡ ᠰᠣᠷᠭᠤᠭ᠂ ᠬᠠᠷᠢᠯᠴᠠᠨ ᠦᠢᠯᠡᠳᠦᠯᠴᠡᠬᠦ ᠴᠢᠨᠠᠷ ᠢᠶᠠᠷ ᠴᠢᠩᠭ᠎ᠠ ᠪᠠᠶᠢᠵᠤ᠂ ᠰᠤᠷᠤᠭᠴᠢᠳ ᠲᠤ ᠮᠡᠳᠡᠯᠭᠡ ᠡᠵᠡᠮᠰᠢᠭᠦᠯᠦᠭᠰᠡᠨ ᠢᠶᠠᠷ ᠪᠠᠷᠠᠬᠤ ᠥᠬᠡᠶ ᠪᠠᠰᠠ ᠲᠡᠳᠡᠨ ᠤ ᠰᠤᠷᠤᠯᠴᠠᠬᠤ ᠤᠷᠮ᠎ᠠ ᠪᠠᠬ᠎ᠠ ᠪᠠ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠶᠢ ᠬᠥᠭᠵᠢᠭᠡᠵᠡᠢ ᠭᠡᠵᠦ ᠢᠯᠡᠳᠬᠡᠵᠡᠭᠡᠪᠡ᠃ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ ᠠᠴᠠ ᠢᠯᠡᠷᠬᠡᠶᠢᠯᠡᠭᠰᠡᠨ ᠨᠢ᠂ ᠡᠶᠢᠮᠦᠷᠬᠦ ᠵᠢᠱᠢᠶ᠎ᠡ ᠦᠵᠡᠭᠦᠯᠬᠦ ᠬᠢᠴᠢᠶᠡᠯ ᠤᠨ ᠦᠵᠡᠭᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠡᠷᠭᠢᠯᠡᠵᠦ᠂ ᠭᠠᠵᠠᠷ ᠵᠦᠶ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号