ᠪᠠᠶᠠᠨᠲᠤᠬᠤᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠴᠡᠭᠡᠯ ᠠᠭᠤᠯᠠ ᠪᠠᠯᠭᠠᠰᠤᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/25
      2024 ᠣᠨ ᠤ 6 ᠰᠠᠷ᠎ᠠ ᠶᠢᠨ 21 ᠤ ᠡᠳᠦᠷ᠂ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠪᠠᠶᠠᠨᠲᠣᠬᠤᠶ ᠪᠠᠯᠭᠠᠰᠤ ᠬᠤᠲᠠ᠂ ᠲᠣᠭᠤᠷᠢᠭ᠂ ᠪᠠᠯᠭᠠᠰᠤ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠬᠠᠶᠢᠷᠤᠪ ᠤᠨ ᠲᠣᠬᠤᠶ ᠲᠣᠭᠤᠷᠢᠭ ᠤᠨ ᠴᠡᠭᠡᠯ ᠠᠭᠤᠯᠠ ᠪᠠᠯᠭᠠᠰᠤᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠶ᠋ᠯ ᠳᠤ ᠪᠠᠶᠢᠴᠠᠭᠠᠨ ᠰᠤᠳᠤᠯᠤᠯᠲᠠ ᠬᠢᠵᠦ ᠰᠤᠷᠤᠯᠴᠠᠪᠠ᠃ ᠴᠡᠭᠡᠯ ᠠᠭᠤᠯᠠ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ ᠸᠠᠩ ᠬᠠᠢ ᠷᠦᠩ᠂ ᠵᠠᠰᠠᠭ ᠤᠨ ᠣᠷᠳᠣᠨ ᠤ ᠪᠠᠯᠭᠠᠰᠤᠨ ᠤ ᠳᠡᠳ᠋ ᠳᠠᠷᠤᠭ᠎ᠠ ᠯᠢᠶᠠᠨ ᠵᠢᠶᠦ᠋ᠨ ᠬᠠᠮᠲᠤ ᠪᠠᠶᠢᠴᠠᠭᠠᠨ ᠰᠤᠳᠤᠯᠤᠯᠲᠠ ᠬᠢᠵᠡᠢ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠦᠬᠠᠢ ᠬᠤᠳᠠ ᠶᠢᠨ ᠸᠠᠨ ᠵᠢᠶᠠ ᠢ ᠭᠧᠦ ᠢᠳᠡᠭᠡᠨ ᠪᠣᠯᠪᠠᠰᠤᠷᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠴᠧᠩ ᠳ᠋ᠡ ᠢᠳᠡᠭᠡᠨ ᠤ ᠬᠢᠵᠠᠭᠠᠷᠲᠤ ᠺᠣᠮᠫᠠᠨᠢ᠂ ᠦᠬᠠᠢ ᠶᠢᠨ ᠺᠠᠢ ᠳ᠋ᠦᠩ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ᠂ ᠸᠠᠩ ᠶᠤᠸᠠᠨ ᠳ᠋ᠢ ᠬᠤᠩ ᠰᠢᠩ ᠲᠢᠶᠠᠨ ᠳ᠋ᠢ ᠲᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠂ ᠺᠠᠩ ᠷᠠᠨ ᠲᠠᠷᠢᠶᠠᠯᠠᠩ ᠤᠨ ᠡᠳ᠋ᠯᠡᠩ ᠵᠡᠷᠭᠡ ᠴᠡᠭᠡᠯ ᠠᠭᠤᠯᠠ ᠪᠠᠯᠭᠠᠰᠤᠨ ᠤ 5 ᠴᠡᠭᠡᠯ ᠠᠭᠤᠯᠠ ᠪᠠᠯᠭᠠᠰᠤᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠲᠣᠭᠤᠷᠢᠨ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠦᠢᠯᠡᠳᠬᠦᠨ ᠤ ᠣᠨᠴᠠᠯᠢᠭ ᠵᠢᠴᠢ ᠦᠢᠯᠡᠳᠪᠦᠷᠢᠯᠡᠵᠦ ᠡᠳ᠋ᠰᠢᠭᠦᠯᠬᠦ ᠶᠠᠪᠤᠴᠠ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠰᠣᠨᠣᠰᠴᠠᠢ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠠ ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠬᠦ ᠲᠦᠷᠦ ᠶᠢᠨ ᠪᠤᠳᠤᠯᠭ᠎ᠠ ᠨᠡᠶᠢᠲᠡᠯᠡᠬᠦ ᠶᠢ ᠳᠠᠭᠠᠯᠳᠤᠨ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠢᠯᠡᠳᠲᠡ ᠦᠷ᠎ᠡ ᠪᠦᠲᠦᠮᠵᠢ ᠤᠯᠪᠠ᠃ ᠴᠡᠭᠡᠯ ᠠᠭᠤᠯᠠ ᠪᠠᠯᠭᠠᠰᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠠᠵᠠᠷ ᠰᠢᠷᠣᠶ ᠶᠢᠨ ᠡᠷᠭᠢᠯᠲᠡ᠂ ᠬᠤᠷᠰᠢᠶ᠎ᠠ ᠶᠢᠨ ᠡᠵᠡᠩᠨᠡᠯᠲᠡ᠂ ᠬᠥᠳᠡᠭᠡ ᠲᠣᠰᠬᠤᠨ ᠤ ᠵᠢᠭᠤᠯᠴᠢᠯᠠᠯ᠂ ᠤᠨᠴᠠᠯᠢᠬᠳᠤ ᠠᠵᠤ ᠦᠶ᠋ᠯᠡᠰ ᠢ ᠨᠡᠭᠡᠭᠡᠨ ᠬᠥᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠲᠤ ᠶᠢᠨ ᠠᠵᠤ ᠠᠬᠤᠶ ᠶᠢᠨ ᠪᠣᠳᠠᠲᠤ ᠬᠦᠴᠦᠨ ᠢ ᠪᠦᠲᠦᠮᠵᠢᠲᠡᠶ ᠳᠡᠭᠡᠭᠰᠢᠯᠡᠭᠦᠯᠪᠡ᠃ ᠠᠵᠤ ᠦᠢᠯᠡᠰ ᠤᠨ ᠬᠥᠭᠵᠢᠯᠲᠡ ᠶᠢ ᠳᠠᠭᠠᠯᠳᠤᠨ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠲᠤ ᠠᠵᠢᠯ ᠣᠯᠭᠤᠬᠤ ᠲᠣᠬᠢᠶᠠᠯ ᠬᠠᠩᠭᠠᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠨᠡᠶᠢᠭᠡᠮ ᠤᠨ ᠨᠢᠭᠲᠠᠷᠠᠯ ᠤᠨ ᠬᠦᠴᠦᠨ ᠢ ᠨᠡᠮᠡᠭᠳᠡᠭᠦᠯᠦᠭᠰᠡᠨ ᠪᠠᠶᠢᠨ᠎ᠠ᠃ ᠳᠠᠷᠠᠭ᠎ᠠ ᠨᠢ᠂ ᠲᠥᠯᠥᠭᠡᠯᠡᠭᠴᠢᠳ ᠤᠨ ᠪᠦᠯᠬᠦᠮ ᠪᠠᠶᠠᠨᠤᠰᠤ ᠲᠣᠰᠬᠤᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠠᠬᠢᠴᠠ ᠵᠢᠴᠢ ᠨᠢᠯᠬ᠎ᠠ ᠴᠢᠬᠢ ᠶᠢᠨ ᠤᠷᠭᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠲᠥᠯᠥᠭᠡᠯᠡᠭᠴᠢᠳ ᠤᠨ ᠪᠦᠯᠬᠦᠮ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠭᠠᠵᠠᠷ ᠰᠢᠷᠣᠢ ᠶᠢ ᠲᠡᠭᠰᠢᠯᠡᠬᠦ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠲᠠᠷᠢᠬᠤ ᠬᠡᠪᠴᠢᠶ᠎ᠡ᠂ ᠲᠠᠷᠢᠶᠠᠨ ᠭᠠᠵᠠᠷ ᠤᠨ ᠵᠠᠮ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠴᠡᠭᠡᠯ ᠠᠭᠤᠯᠠ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠪᠠᠷ ᠳᠡᠮᠵᠢᠨ᠂ ᠪᠠᠶᠠᠨᠲᠣᠬᠤᠶ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠤᠯᠭ᠎ᠠ ᠳᠤᠷᠠᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠪᠠ᠃      ᠲᠣᠰ ᠤᠳᠠᠭᠠᠨ ᠤ ᠪᠠᠶᠢᠴᠠᠭᠠᠨ ᠰᠤᠳᠤᠯᠵᠤ ᠰᠤᠷᠤᠯᠴᠠᠬᠤ ᠠᠵᠢᠯᠯᠠᠭ᠎ᠠ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠤᠨ ᠬᠥᠭᠵᠢᠯᠲᠡ ᠶᠢᠨ ᠲᠠᠯ᠎ᠠ ᠪᠠᠷ ᠬᠢ ᠡᠷᠬᠢᠮ ᠨᠠᠨᠳᠢᠨ ᠰᠠᠨᠠᠯ ᠢ ᠣᠯᠤᠭᠰᠠᠨ ᠢᠶᠠᠷ ᠪᠠᠷᠠᠬᠤ ᠥᠬᠡᠶ᠂ ᠬᠤᠶᠠᠷ ᠲᠠᠯ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠶᠠᠩ ᠪᠠᠯᠭᠠᠰᠤᠨ ᠤ ᠠᠵᠢᠯ ᠤᠨ ᠲᠤᠷᠰᠢᠯᠭ᠎ᠠ ᠶᠢᠨ  ᠲᠠᠯ᠎ᠠ  ᠪᠠᠷ  ᠬᠢ  ᠬᠠᠷᠢᠯᠴᠠᠨ  ᠰᠤᠷᠤᠯᠴᠠᠬᠤ  ᠪᠠ  ᠯᠠᠪᠯᠠᠯᠲᠠ  ᠪᠣᠯᠭᠠᠬᠤ  ᠶᠢ  ᠨᠠᠩ  ᠳᠥᠯᠭᠢᠨ ᠠᠬᠢᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号