ᠷᠠᠰᠢᠵᠦ᠋ᠩ ᠵᠡᠭᠡᠯᠢ ᠭᠤᠳᠤᠮᠵᠢ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/6/25
      ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠷᠠᠰᠢᠵᠦ᠋ᠩ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 24 ᠤ ᠡᠳᠦᠷ᠂ ᠷᠠᠰᠢᠵᠦ᠋ᠩ ᠵᠡᠭᠡᠯᠢ ᠭᠤᠳᠤᠮᠵᠢ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠤᠳᠤᠷᠢᠳᠤᠯᠭ᠎ᠠ᠂ ᠪᠠᠶᠢᠭᠤᠯᠭ᠎ᠠ ᠶᠢᠨ ᠠᠵᠢᠯᠲᠠᠨ᠂ ᠡᠯ᠎ᠡ ᠨᠡᠶᠢᠭᠡᠮ ᠲᠣᠭᠤᠷᠢᠭ ᠤᠨ ᠱᠦᠵᠢ᠂ ︽ᠬᠤᠶᠠᠷ ᠵᠥᠪᠯᠡᠯ︾ ᠤᠨ ᠪᠦᠷᠢᠯᠳᠦᠬᠦᠨ᠂ ᠰᠦᠯᠵᠢᠶᠡᠨ ᠤ ᠠᠵᠢᠯᠲᠠᠨ᠂ ᠡᠯ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢ᠂ ᠬᠠᠷᠢᠶ᠎ᠠ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠬᠠᠷᠢᠭᠤᠴᠠᠯᠭᠠᠲᠠᠨ ᠵᠡᠷᠭᠡ ᠨᠡᠶᠢᠲᠡ 276 ᠬᠥᠮᠦᠨ ᠣᠷᠣᠯᠴᠠᠵᠠᠶ᠃      ᠬᠤᠷᠠᠯ ᠠᠴᠠ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠠᠬᠢᠨ ᠲᠤᠬᠢᠷᠠᠭᠤᠯᠵᠤ ᠲᠠᠬᠢᠨ ᠪᠠᠶᠢᠷᠢᠯᠠᠭᠤᠯᠵᠤ᠂ ᠡᠯ᠎ᠡ ᠨᠡᠶᠢᠭᠡᠮ ᠲᠣᠭᠤᠷᠢᠭ᠂ ᠡᠯ᠎ᠡ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠡᠭᠦᠷᠭᠡ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠬᠢᠭᠤᠯᠪᠠ᠃ ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠮᠡᠳᠡᠯᠭᠡ ᠵᠡᠷᠭᠡ ᠠᠭᠤᠯᠭ᠎ᠠ ᠶᠢ ᠰᠤᠷᠤᠯᠴᠠᠪᠠ᠃ ᠬᠤᠷᠠᠯ ᠤᠨ ᠳᠠᠷᠠᠭ᠎ᠠ᠂ ᠵᠡᠭᠡᠯᠢ ᠭᠤᠳᠤᠮᠵᠢ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠤᠯᠪᠣᠭᠠᠯᠠᠨ ᠭᠠᠯ ᠤᠨᠲᠠᠷᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠯᠪᠠᠰᠤᠷᠠᠯ ᠳᠤ ᠣᠷᠣᠯᠴᠠᠭᠰᠠᠳ ᠢ ᠵᠢᠯᠣᠭᠤᠳᠤᠨ ᠭᠠᠯ ᠤᠨᠲᠠᠷᠠᠭᠠᠭᠤᠷ ᠬᠡᠷᠡᠭᠯᠡᠬᠦ ᠪᠣᠳᠠᠲᠠᠶ ᠪᠣᠯᠪᠠᠰᠤᠷᠠᠯ ᠤᠨ ᠰᠣᠷᠢᠯᠲᠠ ᠬᠢᠯᠭᠡᠵᠦ᠂ ᠪᠣᠯᠪᠠᠰᠤᠷᠠᠯ ᠳᠤ ᠣᠷᠣᠯᠴᠠᠭᠰᠠᠳ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠠᠷᠢᠭᠤᠴᠠᠯᠭᠠᠲᠠᠨ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠲᠡᠳᠡᠨ ᠳᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠭᠴᠢ ᠪᠠ ᠣᠷᠣᠯᠴᠠᠭᠴᠢ ᠪᠣᠯᠤᠭᠰᠠᠨ ᠤ ᠬᠤᠪᠢ ᠳᠤ ᠡᠭᠦᠷᠭᠡᠯᠡᠵᠦ ᠪᠠᠶᠢᠭ᠎ᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠠᠨᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠷᠠᠰᠢᠵᠦ᠋ᠩ ᠵᠡᠭᠡᠯᠢ ᠭᠤᠳᠤᠮᠵᠢ ᠶᠢᠨ ᠬᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠬᠤ᠂ ᠤᠬᠠᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号