ᠪᠠᠶ ᠴᠦᠨ ᠯᠸᠢ ᠭᠤᠤᠯ ᠤᠨ ᠵᠠᠮ ᠤᠨ ︽ᠳᠥᠷᠪᠡᠨ ᠰᠠᠮᠠᠭᠤᠷᠠᠯ ᠢ ᠠᠷᠢᠯᠭᠠᠬᠤ︾ ᠶᠢ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ ᠭᠤᠤᠯ ᠢ ᠴᠠᠭᠳᠠᠵᠤ᠂ ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/6/25
      6 ᠰᠠᠷ᠎ᠠ ᠶᠢᠨ 24 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠭᠤᠤᠯ ᠤᠨ ᠵᠠᠮ ᠤᠨ ︽ᠳᠥᠷᠪᠡᠨ ᠰᠠᠮᠠᠭᠤᠷᠠᠯ ᠢ ᠠᠷᠢᠯᠭᠠᠬᠤ︾ ᠶᠢ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ ᠭᠤᠤᠯ ᠢ ᠴᠠᠭᠳᠠᠬᠤ᠂ ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠸᠠᠩ ᠶᠦᠩ ᠱᠧᠩ ᠣᠷᠣᠯᠴᠠᠪᠠ᠃      ᠾᠧᠢ ᠯᠦᠩ ᠬᠦᠶ ᠭᠸᠤ ᠶᠢᠨ ᠪᠠᠷᠠᠭᠤᠨ ᠣᠷᠠᠨᠳᠦ᠋ᠰᠢ ᠠᠭᠤᠯᠠᠨ ᠤ ᠬᠡᠰᠡᠭ ᠲᠤ᠂ ᠪᠠᠶ ᠴᠦᠨ ᠯᠸᠢ ᠭᠤᠤᠯ ᠤᠨ ᠵᠠᠮ ᠤᠨ ︽ᠳᠥᠷᠪᠡᠨ ᠰᠠᠮᠠᠭᠤᠨ︾ ᠤ ᠠᠰᠠᠭᠤᠳᠠᠯ ᠢ ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠭᠤᠤᠯ ᠴᠠᠭᠳᠠᠬᠤ ᠠᠵᠢᠯ ᠥᠷᠨᠢᠭᠦᠯᠪᠡ᠃ ᠲᠡᠷᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠤᠣᠯ ᠤᠨ ᠵᠠᠮ ᠤᠨ ᠣᠷᠴᠢᠨ ᠲᠣᠭᠤᠷᠢᠨ ᠤ ᠵᠠᠰᠠᠯᠲᠠ ᠶᠢ ᠪᠦᠬᠦ ᠲᠠᠯ᠎ᠠ ᠪᠠᠷ ᠲᠦᠷᠭᠡᠳᠬᠡᠨ ᠠᠬᠢᠭᠤᠯᠵᠤ᠂ ᠭᠤᠣᠯ ᠤᠨ ᠵᠠᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠥᠮᠦᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠭᠤᠤᠯ ᠤᠨ ᠵᠠᠮ ᠳᠣᠲᠣᠷ᠎ᠠ ᠲᠣᠭᠲᠠᠭᠠᠯ ᠠᠴᠠ ᠵᠥᠷᠢᠴᠡᠨ ᠪᠠᠶᠢᠭᠤᠯᠬᠤ᠂ ᠭᠤᠤᠯ ᠤᠨ ᠵᠠᠮ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠵᠡᠷᠭᠡ ᠠᠰᠠᠭᠤᠳᠠᠯ ᠢ ᠡᠷᠡᠰ ᠰᠡᠷᠭᠡᠶᠢᠯᠡᠬᠦ ᠬᠡᠷᠡᠭᠲᠡᠶ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠭᠤᠣᠯ ᠮᠥᠷᠡᠨ ᠤ ︽ᠳᠥᠷᠪᠡᠨ ᠰᠠᠮᠠᠭᠤᠨ︾ ᠤ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠵᠦ᠂ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃      109 ᠤᠯᠤᠰ ᠤᠨ ᠵᠠᠮ ᠤᠨ ᠭᠦᠨ ᠤᠰᠤ ᠬᠡᠰᠡᠭ᠂ ᠷᠠᠰᠠᠩ ᠰᠦᠮ᠎ᠡ ᠪᠠᠯᠭᠠᠰᠤᠨ ᠤ ᠵᠠᠭ ᠤᠨ ᠣᠢ ᠳᠤ ᠪᠠᠢ ᠴᠦᠨ ᠯᠸᠢ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠤᠢ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠤᠢ ᠮᠣᠳᠣᠨ ᠤ ᠤᠷᠭᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢᠨ ᠲᠣᠭᠤᠷᠢᠨ ᠳᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠣᠶᠢᠵᠢᠭᠤᠯᠵᠤ ᠨᠣᠭᠤᠭᠠᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠰᠢᠨ᠎ᠡ ᠴᠠᠭ ᠦᠶ᠎ᠡ ᠶᠢᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠨᠠᠷᠢᠨ ᠨᠢᠮᠪᠠᠶ ᠣᠶ ᠶᠢᠨ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠂ ᠣᠶ ᠰᠢᠭᠤᠶ ᠶᠢ ᠲᠣᠭᠤᠷᠢᠨ ᠪᠠᠶᠢᠴᠠᠭᠠᠬᠤ᠂ ᠣᠶ ᠰᠢᠭᠤᠶ ᠶᠢ ᠬᠠᠮᠠᠭᠠᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠮᠣᠳᠣᠨ ᠤ ᠲᠥᠷᠥᠯ᠂ ᠣᠶ ᠶᠢᠨ ᠡᠭᠦᠯᠳᠡᠷ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠣᠶ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠶᠢᠵᠢᠭᠤᠯᠵᠤ ᠨᠣᠭᠤᠭᠠᠷᠠᠭᠤᠯᠬᠤ ᠡᠳᠡᠭᠡᠷᠡᠯᠲᠡ ᠶᠢᠨ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠡᠢ ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号