ᠪᠠᠶᠠᠨᠲᠣᠬᠤᠶ ᠪᠠᠯᠭᠠᠰᠤᠨ ᠤ ᠸᠠᠨ ᠮᠦ ᠲᠠᠨ ᠲᠣᠰᠬᠤᠨ ᠤᠯᠤᠰ ᠲᠥᠷᠥ ᠶᠢᠨ ᠵᠥᠪᠯᠡᠯᠭᠡᠨ ᠤ ᠵᠥᠪᠳᠡᠯᠴᠡᠭᠡ ᠶᠢ ᠭᠦᠨᠵᠡᠭᠡᠶ ᠥᠷᠨᠢᠭᠦᠯᠵᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠬᠤᠷᠠᠯ ᠢ ᠬᠠᠮᠲᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2024/6/26
      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠦᠶ᠋ᠯᠡᠳᠪᠦᠷᠢᠯᠡᠯ ᠤᠨ ᠰᠠᠭᠤᠷᠢ ᠶᠢ ᠬᠦᠴᠦᠯᠡᠨ ᠪᠠᠬᠢᠵᠢᠭᠦᠯᠵᠦ᠂ ᠳᠡᠭᠡᠳᠦ ᠱᠠᠲᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠪᠠᠶᠠᠨᠲᠣᠬᠤᠶ ᠪᠠᠯᠭᠠᠰᠤᠨ ᠤ ᠸᠠᠨ ᠮᠥ ᠲᠠᠨ ᠲᠣᠰᠬᠤᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨ ᠬᠦ ᠪᠠᠲᠤᠯᠠᠬᠤ︾ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠬᠤᠷᠠᠯ ᠢ ᠲᠣᠰᠬᠤᠨ ᠤ ᠨᠠᠮ ᠤᠨ ᠶᠡᠷᠦᠩᠬᠡᠶ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠳ᠋ᠤᠸᠠᠨ ᠾᠧ ᠫᠢᠩ ᠡᠷᠭᠢᠯᠡᠵᠦ᠂ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠰᠦᠯᠵᠢᠶᠡᠨ ᠤ ᠠᠵᠢᠯᠲᠠᠨ ᠣᠷᠣᠯᠴᠠᠵᠤ᠂ ᠬᠤᠷᠠᠯ ᠠᠴᠠ ᠸᠠᠨ ᠮᠦ ᠲᠠᠨ ᠲᠣᠰᠬᠤᠨ ᠤ ᠤᠯᠤᠰ ᠲᠥᠷᠥ ᠶᠢᠨ ᠵᠥᠪᠯᠡᠯᠭᠡᠨ ᠤ ᠦᠨᠳᠦᠰᠦᠨ ᠱᠠᠲᠤᠨ ᠤ ᠠᠵᠢᠯ ᠤᠨ ᠳᠤᠭᠤᠶᠢᠯᠠᠩ ᠤᠨ ᠦᠨᠳᠦᠰᠦᠨ ᠱᠠᠲᠤᠨ ᠤ ᠠᠵᠢᠯ ᠤᠨ ᠳᠤᠭᠤᠶᠢᠯᠠᠩ ᠤᠨ ᠭᠡᠰᠢᠭᠦᠨ ᠢ ᠣᠨᠴᠠ ᠤᠷᠢᠵᠤ ᠣᠷᠣᠯᠴᠠᠭᠤᠯᠪᠠ᠃      ᠬᠤᠷᠠᠯ ᠳᠡᠭᠡᠷ᠎ᠡ᠂ ᠲᠣᠰᠬᠤᠨ ᠤ ᠨᠠᠮ ᠤᠨ ᠶᠡᠷᠦᠩᠬᠡᠶ ᠡᠭᠦᠷ ᠤᠨ ᠱᠦᠵᠢ ᠳ᠋ᠤᠸᠠᠨ ᠾᠧ ᠫᠢᠩ ᠵᠥᠪᠳᠡᠯᠴᠡᠬᠦ ᠰᠡᠳᠦᠪ ᠤᠨ ᠲᠤᠬᠠᠶ ᠲᠣᠳᠣᠷᠬᠠᠶᠢᠯᠠᠯᠲᠠ ᠬᠢᠵᠦ᠂ ᠲᠡᠷᠡ ᠣᠳᠣᠬᠢ ᠱᠠᠲᠤᠨ ᠳᠤ ᠲᠣᠰ ᠲᠣᠰᠬᠤᠨ ᠤ ᠲᠠᠷᠢᠬᠤ ᠬᠥᠮᠦᠰ ᠤᠨ ᠨᠠᠰᠤᠵᠢᠯᠲᠠ᠂ ᠲᠠᠷᠢᠶᠠᠨ ᠠᠵᠢᠯ ᠬᠢᠬᠦ ᠲᠣᠰᠬᠤᠨ ᠤ ᠠᠷᠠᠳ ᠣᠯᠠᠩᠬᠢ ᠳᠠᠭᠠᠨ 60 ᠵᠢᠴᠢ 70 ᠪᠣᠯᠤᠭᠰᠠᠨ ᠤ ᠳᠠᠷᠠᠭ᠎ᠠ᠂ ᠡᠭᠦᠨ ᠤ ᠳᠡᠭᠡᠷ᠎ᠡ ᠲᠠᠷᠢᠶ᠎ᠠ ᠲᠠᠷᠢᠬᠤ ᠪᠡᠯᠡ ᠣᠷᠣᠭᠤᠯᠤᠯᠲᠠ ᠥᠨᠳᠥᠷ᠂ ᠭᠠᠷᠤᠯᠲᠠ ᠤᠳᠠᠭᠠᠨ᠂ ᠠᠰᠢᠭ ᠣᠷᠣᠯᠭ᠎ᠠ ᠳᠣᠤᠷ᠎ᠠ ᠵᠡᠷᠭᠡ ᠣᠯᠠᠨ ᠠᠰᠠᠭᠤᠳᠠᠯ ᠪᠠᠶᠢᠵᠤ᠂ ᠲᠣᠰᠬᠤᠨ ᠤ ᠵᠠᠯᠠᠭᠤᠴᠤᠳ ᠬᠥᠮᠦᠨ ᠳᠤᠮᠳᠠᠴᠢ ᠪᠠᠷ ᠭᠠᠳᠠᠭᠰᠢ ᠭᠠᠷᠴᠤ ᠬᠦᠴᠦ ᠶᠠᠪᠤᠵᠤ ᠠᠵᠢᠯ ᠣᠯᠵᠤ᠂ ᠲᠣᠰᠬᠤᠨ ᠤ ᠲᠠᠷᠢᠶ᠎ᠠ ᠲᠠᠷᠢᠬᠤ ᠳᠤ ᠬᠦᠴᠢᠷᠲᠡᠶ ᠪᠠᠶᠢᠬᠤ ᠠᠰᠠᠭᠤᠳᠠᠯ ᠤᠨ ᠣᠳᠣᠬᠢ ᠪᠠᠶᠢᠳᠠᠯ ᠪᠣᠯᠤᠨ᠎ᠠ᠂ ᠲᠣᠰ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠨᠠᠷᠢᠨ ᠲᠠᠶᠢᠯᠪᠤᠷᠢᠯᠠᠭᠰᠠᠨ ᠪᠥᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠳᠤ ᠡᠭᠦᠰᠦᠭᠰᠡᠨ ᠤᠤᠯ ᠤᠨ ᠲᠠᠷᠢᠶᠠᠨ ᠭᠠᠵᠠᠷ ᠤᠨ ᠰᠠᠯᠪᠤᠷᠢ ᠰᠤᠪᠠᠭ ᠢ ᠬᠡᠪ ᠢᠶᠠᠷ ᠪᠠᠶᠢᠯᠭᠠᠬᠤ ᠪᠠ ᠡᠰᠡᠬᠦ ᠳᠤ ᠬᠤᠯᠪᠣᠭᠳᠠᠬᠤ᠂ ᠭᠠᠵᠠᠷ ᠰᠢᠷᠣᠶ ᠶᠢᠨ ᠪᠠᠶᠢᠳᠠᠯ ᠢ ᠣᠶᠢᠯᠠᠭᠠᠵᠤ ᠭᠡᠷᠡᠴᠢ ᠠᠪᠬᠤ᠂ ᠭᠠᠵᠠᠷ ᠰᠢᠷᠣᠶ ᠶᠢᠨ ᠵᠡᠷᠭᠡ ᠳᠡᠰ ᠤᠨ ᠬᠤᠪᠢᠶᠠᠷᠢᠯᠠᠯ ᠵᠢᠴᠢ ᠭᠠᠵᠠᠷ ᠰᠢᠷᠣᠶ ᠶᠢᠨ ᠡᠷᠭᠢᠯᠲᠡ ᠶᠢᠨ ᠦᠨ᠎ᠡ ᠬᠠᠩᠰᠢ ᠵᠡᠷᠭᠡ ᠠᠰᠠᠭᠤᠳᠠᠯ ᠢ ᠨᠠᠷᠢᠨ ᠲᠣᠳᠣᠷᠬᠠᠶ ᠥᠭᠦᠯᠡᠭᠰᠡᠨ ᠪᠠᠶᠢᠨ᠎ᠠ᠃ ᠡᠭᠦᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠲᠣᠰ ᠲᠣᠰᠬᠤᠨ ᠤ ᠪᠠᠨ ᠪᠣᠳᠠᠲᠠᠶ ᠪᠠᠶᠢᠳᠠᠯ ᠢ ᠦᠨᠳᠦᠰᠦᠯᠡᠨ᠂ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠰᠠᠶᠢᠲᠤᠷ ᠬᠠᠮᠢᠶᠠᠷᠴᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ︾ ᠪᠠᠷ ᠭᠤᠤᠯ ᠰᠡᠳᠦᠪ ᠪᠣᠯᠭᠠᠵᠤ᠂ ᠲᠣᠰ ᠲᠣᠰᠬᠤᠨ ᠤ ᠪᠠᠨ ᠭᠠᠵᠠᠷ ᠳᠣᠤᠷᠠᠬᠢ ᠤᠰᠤᠨ ᠤ ᠪᠠᠶᠢᠷᠢ ᠶᠢ ᠦᠷᠭᠦᠯᠵᠢᠯᠡᠨ ᠬᠤᠶᠠᠷ ᠲᠠᠯᠠᠪᠤᠷ ᠶᠡᠭᠡ ᠪᠣᠷᠣᠭᠠᠨ ᠤ ᠨᠥᠯᠥᠭᠡ ᠶᠢ ᠬᠦᠷᠲᠡᠵᠦ᠂ ᠡᠭᠦᠨ ᠤ ᠳᠡᠭᠡᠷ᠎ᠡ ᠨᠢᠭᠡ ᠳᠤ ᠤᠤᠯ ᠤᠨ ᠲᠠᠷᠢᠶᠠᠨ ᠭᠠᠵᠠᠷ ᠤᠨ ᠰᠠᠯᠪᠤᠷᠢ ᠰᠤᠪᠠᠭ ᠢ ᠦᠯᠡᠳᠡᠭᠡᠨ᠎ᠡ︔ ᠬᠤᠶᠠᠷ ᠲᠤ ᠨᠢᠭᠡᠨᠲᠡ ᠲᠥᠯᠥᠪᠵᠢᠭᠦᠯᠦᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠴᠥᠮ ᠠᠭᠠᠷ ᠠᠴᠠ ᠰᠡᠭᠦᠳᠡᠷᠯᠡᠨ ᠪᠠᠶᠢᠳᠠᠯ ᠢ ᠣᠶᠢᠯᠠᠭᠠᠵᠤ ᠭᠡᠷᠡᠴᠢ ᠠᠪᠴᠤ᠂ ᠡᠯ᠎ᠡ ᠬᠠᠷᠢᠶ᠎ᠠ ᠲᠣᠰᠬᠤᠨ ᠤ ᠠᠷᠠᠳ ᠤᠨ ᠳᠤᠭᠤᠶᠢᠯᠠᠩ ᠤᠨ ᠲᠣᠰᠬᠤᠨ ᠤ ᠠᠷᠠᠳ ᠲᠣᠰ ᠲᠣᠰᠬᠤᠨ ᠤ ᠵᠠᠰᠠᠭ ᠤᠨ ᠶᠠᠪᠤᠳᠠᠯ ᠤᠨ ᠬᠢᠨᠠᠯᠲᠠ ᠲᠠᠯᠪᠢᠬᠤ ᠵᠥᠪᠯᠡᠯ ᠤᠨ ᠬᠢᠨᠠᠯᠲᠠ ᠳᠣᠣᠷ᠎ᠠ ᠳᠤᠭᠤᠶᠢᠯᠠᠩ ᠤᠨ ᠪᠠᠶᠢᠳᠠᠯ ᠢ ᠣᠶᠢᠯᠠᠭᠠᠵᠤ ᠭᠡᠷᠡᠴᠢ ᠠᠪᠴᠤ᠂ ᠲᠣᠰ ᠲᠣᠰᠬᠤᠨ ᠤ ᠭᠠᠵᠠᠷ ᠰᠢᠷᠣᠶ ᠶᠢᠨ ᠰᠠᠶᠢᠨ ᠮᠠᠭᠤ ᠶᠢᠨ ᠪᠠᠶᠢᠳᠠᠯ ᠠᠴᠠ ᠪᠣᠯᠵᠤ ᠦᠢᠯᠡᠳᠬᠦᠨ ᠤ ᠥᠷᠲᠡᠭ ᠤᠨ ᠬᠠᠭᠠᠰ ᠢ ᠳᠠᠪᠠᠵᠤ ᠪᠣᠯᠬᠤ ᠵᠥᠷᠢᠶ᠎ᠡ ᠶᠢ ᠪᠣᠶ ᠪᠣᠯᠭᠠᠵᠤ᠂ ᠡᠳᠦᠷ ᠤᠨ ᠳᠠᠷᠠᠭ᠎ᠠ ᠭᠠᠵᠠᠷ ᠰᠢᠷᠣᠶ ᠶᠢᠨ ᠳᠡᠰ ᠲᠤ ᠦᠨᠳᠦᠰᠦᠯᠡᠯ ᠲᠠᠢ᠂ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠵᠤ᠂ 80% ᠠᠴᠠ ᠳᠡᠭᠡᠭᠰᠢᠬᠢ ᠴᠢᠬᠢᠯᠡᠬᠦ ᠨᠣᠷᠮ᠎ᠠ ᠶᠢ ᠨᠢᠭᠡᠳᠦᠭᠡᠷ ᠳᠡᠰ ᠤᠨ ᠭᠠᠵᠠᠷ ᠪᠣᠯᠭᠠᠨ᠎ᠠ︔ ᠲᠦᠷᠪᠡ ᠳᠤ ᠡᠷᠭᠢᠯᠲᠡ ᠶᠢᠨ ᠰᠦᠢᠳᠬᠡᠯ ᠤᠨ ᠵᠥᠷᠢᠶ᠎ᠡ ᠶᠢᠨ ᠵᠦᠢ ᠵᠣᠬᠢᠰᠲᠠᠢ᠂ ᠨᠢᠭᠡ᠂ ᠬᠤᠶᠠᠳᠤᠭᠠᠷ ᠵᠡᠷᠭᠡ ᠭᠠᠵᠠᠷ ᠤᠨ ᠭᠠᠵᠠᠷ ᠰᠢᠷᠣᠶ ᠳᠤ ᠮᠦ ᠪᠦᠷᠢ ᠶᠢᠨ ᠵᠥᠷᠢᠶ᠎ᠡ ᠶᠢ ᠵᠣᠬᠢᠬᠤ ᠬᠡᠮᠵᠢᠶ᠎ᠡ ᠪᠠᠷ ᠶᠡᠬᠡᠰᠬᠡᠬᠦ ᠬᠡᠷᠡᠭᠲᠡᠶ᠃ ᠣᠯᠠᠨ ᠢᠶᠠᠷ ᠢᠶᠠᠨ ᠨᠠᠮᠠᠶᠢ ᠨᠢᠭᠡ ᠯᠡ ᠦᠭᠡ ᠪᠠᠷ ᠠᠰᠠᠭᠤᠳᠠᠯ ᠢ ᠳᠡᠯᠭᠡᠵᠦ ᠰᠠᠨᠠᠭᠤᠯᠭ᠎ᠠ ᠳᠤᠷᠠᠳᠴᠤ᠂ ᠥᠷᠭᠡᠨ ᠢᠶᠠᠷ ᠵᠥᠪᠳᠡᠯᠴᠡᠨ ᠶᠠᠷᠢᠯᠴᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠡᠳᠬᠢᠮᠵᠢ ᠪᠠ ᠲᠥᠯᠥᠪᠯᠡᠭᠡ ᠶᠢ ᠬᠠᠮᠲᠤ ᠪᠠᠷ ᠰᠤᠳᠤᠯᠤᠨ ᠶᠠᠷᠢᠯᠴᠠᠵᠤ᠂ ᠲᠤᠰ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠬᠠᠢ ᠶᠢᠨ ᠲᠠᠯᠠᠪᠤᠷ ᠲᠤ ᠵᠥᠪᠳᠡᠯᠴᠡᠨ ᠶᠠᠷᠢᠯᠴᠠᠬᠤ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠵᠤ᠂ ᠵᠥᠪᠳᠡᠯᠴᠡᠨ ᠶᠠᠷᠢᠯᠴᠠᠬᠤ ᠪᠠᠷ ᠳᠠᠮᠵᠢᠨ ᠬᠤᠷᠠᠯ ᠳᠤ ᠣᠷᠣᠯᠴᠠᠭᠰᠠᠳ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ︽ᠠᠮᠤ ᠪᠤᠳᠠᠭᠠᠨ ᠤ ᠤᠨᠠᠯᠲᠠ ᠶᠢ ᠪᠠᠲᠤᠯᠠᠵᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠮᠥᠨ ᠭᠡᠳᠡᠭ ᠢ ᠳᠠᠬᠢᠨᠲᠠ ᠭᠦᠨᠵᠡᠭᠡᠢ ᠲᠠᠨᠢᠭᠤᠯᠬᠤ ᠪᠠᠷ ᠪᠠᠷᠠᠬᠤ ᠦᠭᠡᠢ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠡᠢ᠃      ᠬᠠᠮᠤᠭ ᠰᠡᠭᠦᠯ ᠳᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠦᠩ ᠵᠠᠩ ᠫᠢᠩ ᠲᠤᠰ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠭᠠᠵᠠᠷ ᠰᠢᠷᠣᠶ ᠶᠢ ᠬᠢᠨᠠᠨ ᠲᠣᠭᠲᠠᠭᠠᠬᠤ ᠠᠷᠭ᠎ᠠ ᠵᠢᠴᠢ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠨᠢ ᠮᠠᠰᠢ ᠬᠠᠨᠳᠤᠯᠭᠠᠲᠤ ᠴᠢᠨᠠᠷ᠂ ᠪᠠᠷᠠᠭᠠᠯᠬᠢᠯᠠᠯᠳᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠪᠠᠶᠢᠵᠤ᠂ ᠭᠠᠵᠠᠷ ᠰᠢᠷᠣᠶ ᠶᠢᠨ ᠵᠡᠷᠭᠡ ᠳᠡᠰ ᠢ ᠢᠯᠭᠠᠨ ᠲᠣᠭᠲᠠᠭᠠᠬᠤ ᠪᠣᠯ ᠪᠠᠶᠢᠭᠤᠯᠵᠤ ᠳᠠᠭᠤᠰᠤᠭᠰᠠᠨ ᠤ ᠳᠠᠷᠠᠭ᠎ᠠ ᠲᠠᠷᠢᠶᠠᠨ ᠭᠠᠵᠠᠷ ᠢ ᠦᠷᠭᠦᠯᠵᠢᠯᠡᠨ ᠡᠷᠭᠢᠯᠳᠦᠭᠦᠯᠬᠦ ᠶᠢᠨ ᠵᠠᠩᠭᠢᠯᠠᠭ᠎ᠠ ᠪᠣᠯᠤᠨ᠎ᠠ᠂ ᠪᠠᠯᠭᠠᠰᠤᠨ ᠤ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠤᠷᠪᠠᠳᠠᠬᠢ ᠡᠲᠡᠭᠡᠳ ᠤᠨ ᠳᠠᠭᠠᠭᠠᠴᠢᠯᠠᠯᠲᠠ ᠶᠢᠨ ᠺᠣᠮᠫᠠᠨᠢ ᠶᠢ ᠡᠷᠢᠵᠦ ᠣᠯᠬᠤ ᠶᠢᠨ ᠬᠠᠮᠲᠤ ᠭᠠᠵᠠᠷ ᠰᠢᠷᠣᠶ ᠶᠢᠨ ᠬᠢᠨᠠᠨ ᠲᠣᠭᠲᠠᠭᠠᠯᠲᠠ ᠪᠠ ᠬᠤᠪᠢᠶᠠᠷᠢᠯᠠᠯᠳᠠ ᠶᠢᠨ ᠠᠵᠢᠯ ᠳᠤ ᠬᠠᠮᠲᠤ ᠪᠠᠷ ᠣᠷᠣᠯᠴᠠᠵᠤ ᠪᠣᠯᠤᠨ᠎ᠠ᠂ ᠭᠠᠵᠠᠷ ᠰᠢᠷᠣᠶ ᠶᠢᠨ ᠬᠢᠨᠠᠨ ᠲᠣᠭᠲᠠᠭᠠᠯᠲᠠ ᠪᠠ ᠬᠤᠪᠢᠶᠠᠷᠢᠯᠠᠯᠳᠠ ᠶᠢᠨ ᠲᠤᠬᠠᠶ ᠬᠠᠮᠲᠤ ᠶᠢᠨ ᠲᠠᠨᠢᠯᠲᠠ ᠲᠠᠢ ᠪᠣᠯᠵᠤ᠂ ᠭᠠᠵᠠᠷ ᠰᠢᠷᠣᠶ ᠶᠢᠨ ᠳᠡᠰ ᠤᠨ ᠬᠤᠪᠢᠶᠠᠷᠢᠯᠠᠯᠳᠠ ᠶᠢᠨ ᠪᠤᠰᠤᠳᠴᠢ ᠴᠢᠨᠠᠷ ᠪᠠ ᠲᠥᠪ ᠭᠤᠤᠯᠴᠢ ᠴᠢᠨᠠᠷ ᠢ ᠦᠨᠡᠨ ᠬᠦ ᠪᠠᠲᠤᠯᠠᠬᠤ ᠳᠤ ᠠᠰᠢᠭᠲᠠᠶ ᠪᠥᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ ᠲᠠᠰᠤᠷᠠᠯᠲᠠ ᠥᠬᠡᠶ ᠲᠠᠰᠤᠷᠠᠬᠤ ᠥᠬᠡᠶ᠂ ᠵᠣᠭᠰᠣᠩᠭᠢᠷᠠᠬᠤ ᠥᠬᠡᠶ᠂ ᠰᠤᠯᠠ ᠲᠠᠯᠪᠢᠬᠤ ᠥᠬᠡᠶ ᠪᠠᠶᠢᠬᠤ ᠶᠢ ᠴᠦ ᠪᠠᠲᠤᠯᠠᠵᠤ ᠴᠢᠳᠠᠨ᠎ᠠ᠃ ᠡᠭᠦᠨ ᠤ ᠬᠠᠮᠲᠤ᠂ ᠵᠦᠩ ᠭᠡᠰᠢᠭᠦᠨ ᠲᠤᠰ ᠤᠳᠠᠭ᠎ᠠ ᠶᠢᠨ ᠵᠥᠪᠳᠡᠯᠴᠡᠭᠡ ᠪᠠᠷ ᠢᠯᠡᠷᠡᠭᠦᠯᠦᠭᠰᠡᠨ ᠠᠰᠠᠭᠤᠳᠠᠯ᠂ ᠵᠥᠪᠳᠡᠯᠴᠡᠭᠡ ᠶᠢᠨ ᠦᠷ᠎ᠡ ᠪᠦᠲᠦᠭᠡᠯ ᠢ ᠡᠮᠬᠢᠯᠡᠨ ᠬᠤᠷᠢᠶᠠᠩᠭᠤᠶᠢᠯᠠᠵᠤ᠂ ᠲᠤᠰᠬᠠᠢ ᠰᠡᠳᠦᠪᠲᠦ ᠬᠤᠷᠠᠯ ᠤᠨ ᠠᠷᠭ᠎ᠠ ᠬᠡᠯᠪᠡᠷᠢ ᠪᠠᠷ ᠳᠠᠬᠢᠨᠲᠠ ᠨᠠᠷᠢᠨ ᠬᠢᠨᠠᠮᠠᠭᠠᠢ ᠰᠤᠳᠤᠯᠵᠤ᠂ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠠᠮᠲᠤᠪᠠᠷ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠪᠠᠶᠢᠷᠢᠰᠢᠯ ᠢ ᠪᠠᠲᠤᠯᠠᠵᠤ᠂ ᠸᠠᠨ ᠮᠦ ᠲᠠᠨ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠰᠠᠶᠢᠨ ᠪᠥᠭᠡᠳ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠠᠷᠢᠶᠠᠴᠢᠳ ᠤᠨ ᠰᠠᠨᠠᠭ᠎ᠠ ᠠᠮᠤᠷ ᠲᠠᠷᠢᠶ᠎ᠠ᠂ ᠡᠯᠪᠡᠭ ᠬᠤᠷᠢᠶᠠᠯᠲᠠ ᠶᠢᠨ ᠲᠠᠷᠢᠶ᠎ᠠ ᠪᠠ ᠪᠠᠶᠠᠵᠢᠯ ᠤᠨ ᠲᠠᠷᠢᠶ᠎ᠠ ᠪᠣᠯᠭᠠᠨ ᠪᠠᠶᠢᠭᠤᠯᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号