ᠢᠦᠶ ᡁᠢ ᠶᠦᠩ ᠦᠶᠡᠷ ᠢ ᠰᠡᠷᠭᠡᠶᠢᠯᠡᠵᠦ ᠦᠶᠡᠷ ᠢ ᠪᠡᠯᠡᠳᠬᠡᠬᠦ᠂ ᠠᠵᠢᠯ ᠢ ᠳᠠᠭᠠᠭᠠᠴᠢᠯᠠᠭᠰᠠᠨ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/26
      6 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠦᠶᠡᠷ ᠢ ᠰᠡᠷᠭᠡᠶᠢᠯᠡᠵᠦ ᠦᠶᠡᠷ ᠢ ᠪᠡᠯᠡᠳᠬᠡᠬᠦ᠂ ᠳᠠᠭᠠᠳᠬᠠᠯ ᠢ ᠳᠠᠭᠠᠭᠠᠴᠢᠯᠠᠭᠰᠠᠨ ᠨᠢᠭᠡᠴᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠸᠠᠩ ᠶᠦᠩ ᠱᠧᠩ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠦᠶ ᡁᠢ ᠶᠦᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠱᠢ ᠮᠧᠨ ᠭᠸᠤ ᠶᠢᠨ ᠨᠦᠯᠦᠮᠡᠯ ᠭᠠᠵᠠᠷ ᠤᠨ ᠬᠠᠰᠢᠯᠭ᠎ᠠ ᠶᠢᠨ ᠠᠵᠢᠯᠯᠠᠭᠠᠨ᠂ ᠦᠶᠡᠷ ᠪᠡᠯᠡᠳᠬᠡᠭᠰᠡᠨ ᠪᠠᠶᠢᠳᠠᠯ᠂ ᠰᠤᠪᠤᠷᠭ᠎ᠠ ᠠᠭᠤᠷᠬᠠᠶ ᠶᠢᠨ ᠣᠷᠣᠨ ᠤ ᠬᠡᠰᠡᠭ᠂ ᠾᠧᠢ ᠯᠦᠩ ᠬᠦᠶ ᠭᠸᠦ ᠠᠭᠤᠷᠬᠠᠶ ᠶᠢᠨ ᠣᠷᠣᠨ ᠤ ᠬᠡᠰᠡᠭ ᠤᠨ ᠦᠶᠡᠷ ᠵᠠᠯᠠᠵᠤ ᠤᠰᠤᠲᠤᠯ ᠢ ᠵᠠᠯᠠᠬᠤ ᠴᠢᠳᠠᠪᠤᠷᠢ ᠶᠢᠨ ᠪᠠᠶᠢᠳᠠᠯ ᠪᠣᠯᠤᠨ ᠬᠠᠶᠢᠨᠠᠨ ᠲᠣᠭᠤᠷᠢᠭ ᠤᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠬᠤᠭᠤᠯᠠᠶ ᠶᠢᠨ ᠲᠣᠤᠷ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠵᠢᠴᠢ ᠬᠠᠶᠢᠨᠠᠨ ᠲᠣᠭᠤᠷᠢᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠶᠢᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ᠂ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠪᠣᠯᠤᠨ ᠭᠤᠷᠢᠳᠠᠬᠤ ᠪᠤᠳᠤᠯ ᠢ ᠡᠷᠡᠰ ᠲᠡᠪᠴᠢᠵᠦ᠂ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ᠂ ᠠᠶᠤᠯ ᠭᠠᠮᠰᠢᠭ ᠠᠴᠠ ᠠᠪᠤᠷᠠᠬᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠢᠨᠠᠭᠰᠢᠳᠠ ᠲᠡᠭᠦᠯᠳᠡᠷᠵᠢᠭᠦᠯᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠮᠠᠷᠬᠠᠨ ᠤᠰᠤᠲᠤᠬᠤ ᠴᠡᠭ᠂ ᠬᠠᠰᠢᠯᠭ᠎ᠠ ᠶᠢᠨ ᠠᠶᠤᠯᠲᠠᠢ ᠪᠠᠷᠢᠯᠭ᠎ᠠ ᠶᠢᠨ ᠬᠡᠰᠡᠭ ᠵᠡᠷᠭᠡ ᠭᠤᠣᠯᠳᠠᠯᠭ᠎ᠠ ᠲᠠᠢ ᠬᠡᠰᠡᠭ ᠢ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠵᠦᠢᠯ ᠤᠨ ᠭᠡᠮ ᠰᠣᠭᠤᠭ ᠢ ᠡᠷᠡᠰ ᠠᠷᠢᠯᠭᠠᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠬᠦᠴᠦᠨ ᠪᠣᠯᠤᠨ ᠦᠶᠡᠷ ᠢ ᠰᠡᠷᠭᠡᠶᠢᠯᠡᠬᠦ ᠲᠥᠬᠦᠭᠡᠷᠦᠮᠵᠢ ᠶᠢ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠬᠠᠮᠢᠶᠠᠷᠤᠯᠲᠠ ᠶᠢᠨ ᠲᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠲᠣᠨᠤᠭ ᠲᠥᠬᠦᠭᠡᠷᠦᠮᠵᠢ ᠶᠢ ᠬᠠᠮᠢᠶᠠᠷᠴᠤ ᠠᠷᠠᠴᠢᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠵᠠᠩᠭᠢᠯᠠᠭ᠎ᠠ ᠶᠢᠨ ᠦᠶ᠎ᠡ ᠳᠤ ᠭᠠᠷᠭᠠᠵᠤ ᠳᠡᠶᠢᠯᠬᠦ᠂ ᠲᠦᠷᠭᠡᠨ ᠲᠡᠭᠡᠭᠡᠪᠦᠷᠢᠯᠡᠬᠦ ᠶᠢ ᠲᠦᠷᠭᠡᠨ ᠬᠡᠷᠡᠭᠯᠡᠬᠦ᠂ ᠬᠡᠷᠡᠭᠯᠡᠵᠦ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠣᠷᠣᠭᠠᠨ ᠤ ᠤᠰᠤ ᠶᠢ ᠰᠠᠯᠭᠠᠵᠤ ᠪᠣᠷᠣᠭᠠᠨ ᠤ ᠤᠰᠤ ᠶᠢ ᠬᠠᠮᠢᠶᠠᠷᠬᠤ ᠬᠤᠭᠤᠯᠠᠶ ᠶᠢᠨ ᠲᠣᠤᠷ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠬᠦᠴᠦᠨ ᠢᠶᠠᠷ ᠢᠶᠠᠨ ᠴᠠᠭ ᠢ ᠠᠮᠵᠢᠨ᠂ ᠵᠠᠩᠭᠢᠯᠠᠭ᠎ᠠ ᠶᠢᠨ ᠴᠡᠭ ᠢ ᠠᠳᠬᠤᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠶᠠᠰᠤ ᠴᠢᠨᠠᠷ ᠢ ᠰᠢᠯᠢᠳᠡᠭᠵᠢᠭᠦᠯᠵᠦ᠂ ᠬᠢᠨᠠᠯᠲᠠ ᠶᠢ ᠴᠢᠩᠭᠠᠳᠬᠠᠨ᠂ ᠪᠠᠷᠢᠯᠭ᠎ᠠ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ ᠪᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠨᠢᠭᠡᠳᠦᠯᠲᠡᠶ ᠲᠥᠯᠥᠪᠵᠢᠭᠦᠯᠵᠦ᠂ ᠬᠤᠲᠠ ᠶᠢᠨ ᠠᠵᠢᠯᠯᠠᠭᠠᠨ᠂ ᠣᠯᠠᠨ ᠲᠦᠮᠡᠨ ᠤ ᠶᠠᠪᠤᠵᠤ ᠰᠠᠭᠤᠬᠤ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃      ᠬᠠᠶᠢᠨᠠᠨ ᠲᠣᠭᠤᠷᠢᠭ ᠤᠨ ᠨᠢᠭᠡᠳᠦᠭᠡᠷ ᠬᠡᠤᠬᠡᠳ ᠤᠨ ᠴᠡᠴᠡᠷᠯᠢᠭ ᠤᠨ ᠬᠤᠭᠤᠯᠠᠨ ᠭᠡᠷ ᠲᠤ᠂ ᠢᠦᠶ ᡁᠢ ᠶᠦᠩ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠢᠳᠡᠭᠡᠨ ᠡᠳ᠋ᠰᠢᠭᠦᠯᠬᠦ᠂ ᠬᠤᠭᠤᠯᠠᠨ ᠤ ᠬᠡᠷᠡᠭᠰᠡᠯ ᠢ ᠠᠷᠢᠭᠤᠳᠬᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠢᠳᠡᠭᠡᠨ ᠤ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠨᠡᠩ ᠴᠢᠬᠤᠯᠠ ᠶᠤᠮ᠃ ᠰᠤᠷᠭᠠᠭᠤᠯᠢ ᠨᠤᠭᠤᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠬᠤᠳᠠᠯᠳᠤᠨ ᠠᠪᠬᠤ᠂ ᠬᠠᠳᠠᠭᠠᠯᠠᠬᠤ᠂ ᠦᠢᠯᠡᠳᠬᠦ ᠵᠡᠷᠭᠡ ᠡᠯ᠎ᠡ ᠪᠣᠭᠤᠮᠲᠠ ᠶᠢ ᠴᠢᠩᠭ᠎ᠠ ᠠᠳᠬᠤᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠪᠣᠯᠪᠠᠰᠤᠨ᠂ ᠡᠷᠡᠭᠦᠯ ᠬᠠᠮᠠᠭᠠᠯᠠᠯ᠂ ᠠᠮᠤᠷ ᠲᠦᠪᠰᠢᠨ᠂ ᠡᠮᠬᠢ ᠵᠢᠷᠤᠮ ᠲᠠᠢ ᠬᠤᠭᠤᠯᠠ ᠢᠳᠡᠬᠦ ᠣᠷᠴᠢᠨ ᠲᠣᠭᠤᠷᠢᠨ ᠢ ᠦᠨᠡᠨᠬᠦ ᠪᠣᠶ ᠪᠣᠯᠭᠠᠬᠤ ᠬᠡᠷᠡᠭᠲᠡᠶ᠃ ᠠᠷᠪᠢᠯᠠᠨ ᠭᠠᠮᠨᠠᠬᠤ ᠠᠮᠤ ᠪᠤᠳᠠᠭᠠᠨ ᠤ ᠬᠥᠮᠦᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠰᠤᠷᠤᠭᠴᠢᠳ ᠤᠨ ᠰᠠᠶᠢᠨ ᠰᠠᠶᠢᠬᠠᠨ ᠬᠤᠭᠤᠯᠠᠨ ᠤ ᠳᠠᠳᠬᠠᠯ ᠲᠠᠢ ᠪᠣᠯᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠢᠯᠣᠭᠤᠳᠬᠤ ᠦᠢᠯᠡᠴᠢᠯᠡᠭᠡ ᠶᠢ ᠰᠠᠶᠢᠲᠤᠷ ᠬᠢᠵᠦ᠂ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠬᠠᠮᠲᠤ ᠬᠤᠭᠤᠯᠠᠯᠠᠬᠤ ᠲᠦᠷᠢᠮ ᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠶ ᠭᠡᠵᠡᠢ᠃      ᠢᠦᠢ ᡁᠢ ᠶᠦᠩ ᠪᠠᠰᠠ ᠦᠬᠠᠢ ᠶᠢᠨ ᠬᠠᠶᠢᠨᠠᠨ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠵᠢᠯᠣᠭᠤᠳᠬᠤ ᠲᠥᠪ ᠲᠤ ᠬᠦᠷᠴᠦ ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠶᠤᠨᠴᠢᠯᠠᠨ ᠬᠠᠮᠢᠶᠠᠷᠤᠨ ᠡᠵᠡᠮᠳᠡᠬᠦ ᠲᠠᠪᠴᠠᠩ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号